ᠦ᠋ ᠵᠧᠨ ᠴᠢᠩ ᠯᠢᠦ ᠵᠢᠶᠠᠽᠢ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/7
    11 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠨᠡᠷ ᠳᠠᠭᠠᠭᠠᠴᠢᠯᠠᠨ ᠬᠤᠯᠪᠤᠭᠠᠯᠠᠭᠰᠠᠨ ᠲᠣᠰᠬᠤᠨ ᠯᠢᠦ ᠵᠢᠶᠠᠽᠢ ᠪᠠᠯᠭᠠᠰᠤᠨ ᠤ ᠬᠠᠯᠠᠭᠠᠢ ᠶᠢᠨ ᠭᠤᠤ ᠲᠣᠰᠬᠤᠨ᠂ ᠵᠢᠢ ᠯᠢ ᠸᠠ ᠲᠣᠰᠬᠤᠨ ᠳᠤ ᠭᠦᠨᠵᠡᠭᠡᠶᠢᠷᠡᠵᠦ᠂ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠠᠮᠢᠳᠤᠷᠠᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠶᠠᠷ ᠲᠣᠰᠬᠤᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠠᠵᠤ ᠦᠢᠯᠡᠰ ᠤᠨ ᠬᠥᠭᠵᠢᠯᠲᠡ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠬᠢᠨᠠᠨ ᠬᠡᠮᠵᠢᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠤᠶᠠᠷ ᠲᠣᠰᠬᠤᠨ ᠤ ᠬᠠᠪᠰᠤᠷᠤᠨ ᠲᠡᠳᠬᠦᠬᠦ ᠬᠡᠷᠡᠭᠴᠡᠭᠡ ᠶᠢ ᠠᠰᠠᠭᠤᠵᠤ᠂ ᠬᠤᠶᠠᠷ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号