11 ᠰᠠᠷ᠎ᠠ ᠶᠢᠨ 6 ᠤ ᠡᠳᠦᠷ᠂ ᠱᠦᠢᠴᠢᠤᠸᠠᠨ ᠰᠢᠶᠠᠩ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠲᠤᠰᠬᠠᠶ ᠰᠡᠳᠦᠪᠲᠦ ᠲᠠᠶᠢᠯᠤᠮᠵᠢ ᠬᠢᠵᠦ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠴᠧᠨ ᠶᠢᠩ ᠰᠥᠩ ᠨᠡᠷ ᠲᠠᠶᠢᠯᠤᠮᠵᠢ ᠳᠤ | ᠣᠷᠣᠯᠴᠠᠭᠰᠠᠨ ᠪᠥᠭᠡᠳ ᠠᠯᠪᠠᠨ ᠵᠢᠷᠤᠮ ᠤᠨ ᠡᠮᠴᠢᠯᠡᠭᠡ᠂ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠥ᠋ ᠰᠢᠤ ᠶᠢᠩ ᠠᠵᠢᠯᠯᠠᠭ᠎ᠠ ᠳᠤ | ᠣᠷᠣᠯᠴᠠᠵᠠᠶ᠃ | ᠲᠠᠶᠢᠯᠤᠮᠵᠢ ᠳᠤ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠪᠢᠯᠠᠯᠲᠠ ᠶᠢᠨ ᠳᠡᠭᠡᠳᠦ | ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠠᠳᠤᠭᠤᠴᠢᠨᠬᠦᠦ ᠪᠣᠯᠤᠨ ᠰᠤᠪᠢᠯᠠᠯᠲᠠ ᠶᠢᠨ ᠳᠡᠭᠡᠳᠦ | ᠰᠤᠷᠭᠠᠭᠤᠯᠢ ᠶᠢᠨ ᠪᠠᠭᠰᠢ ᠶᠢ ᠤᠷᠢᠵᠤ ᠲᠤᠰ ᠲᠤᠰ ᠱᠦᠢᠴᠢᠤᠸᠠᠨ ᠰᠢᠶᠠᠩ ᠤᠨ ᠵᠠᠰᠠᠭ ᠤᠨ ᠣᠷᠳᠣᠨ ᠪᠣᠯᠤᠨ | ᠱᠦᠢᠴᠢᠤᠸᠠᠨ ᠰᠢᠶᠠᠩ ᠤᠨ ᠰᠤᠷᠭᠠᠭᠤᠯᠢ ᠳᠤ ᠭᠦᠨᠵᠡᠭᠡᠶᠢᠷᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠪᠠ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃ | ᠳᠠᠷᠠᠭ᠎ᠠ ᠨᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠴᠧᠨ ᠶᠢᠩ | ᠰᠥᠩ ᠱᠦᠢᠴᠢᠤᠸᠠᠨ ᠰᠢᠶᠠᠩ ᠤᠨ ᠬᠦᠨᠳᠡᠯᠡᠨ ᠲᠤᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠲᠤ | ᠬᠦᠷᠴᠦ ᠪᠣᠯᠭᠤᠭᠠᠨ ᠲᠣᠬᠤᠨᠢᠭᠤᠯᠪᠠ᠃ | | | |