ᠬᠦᠷᠢᠶ᠎ᠡ ᠬᠤᠰᠢᠭᠤᠨ ᠤ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ ︽ᠪᠢᠴᠢᠬᠠᠨ ᠪᠠᠭᠠᠲᠤᠷ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠲᠠᠮᠢᠷ ᠤᠨ ᠣᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/11/8
    11 ᠰᠠᠷ᠎ᠠ ᠶᠢᠨ 7 ᠤ ᠡᠳᠦᠷ᠂ ᠬᠦᠷᠢᠶ᠎ᠡ ᠬᠤᠰᠢᠭᠤᠨ ᠤ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ ︽ᠪᠢᠴᠢᠬᠠᠨ ᠪᠠᠭᠠᠲᠤᠷ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ  ᠭᠠᠯ ᠤᠨᠲᠠᠷᠠᠭᠠᠬᠤ ᠲᠠᠮᠢᠷ ᠤᠨ  ᠣᠷᠤᠯᠳᠤᠭᠠᠨ  ᠬᠤᠰᠢᠭᠤᠨ ᠤ ᠬᠤᠲᠣᠩ  ᠠᠷᠠᠳ ᠤᠨ ᠪᠠᠭ᠎ᠠ  ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠰᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠠᠭᠠᠴᠤᠳ ᠤᠨ ᠭᠠᠯ ᠤᠨᠲᠠᠷᠠᠭᠠᠬᠤ ᠪᠦᠯᠬᠦᠮ ᠳᠤ ᠲᠤᠭ ᠣᠯᠭᠤᠵᠤ᠂ ᠭᠠᠯ ᠤᠨᠲᠠᠷᠠᠭᠠᠭᠴᠢ ᠶᠢᠨ ᠳᠠᠭᠠᠭᠤᠯᠭ᠎ᠠ ᠳᠣᠤᠷ᠎ᠠ᠂ ᠪᠠᠭᠠᠴᠤᠳ ᠤᠨ ᠭᠠᠯ ᠤᠨᠲᠠᠷᠠᠭᠠᠬᠤ ᠪᠦᠯᠬᠦᠮ ᠤᠨ ᠭᠡᠰᠢᠭᠦᠨ ᠪᠠᠷᠠᠭᠤᠨ ᠭᠠᠷ ᠢᠶᠠᠨ ᠡᠷᠭᠦᠵᠦ᠂ ᠲᠥᠪ ᠴᠢᠩᠭ᠎ᠠ ᠪᠠᠷ ᠲᠠᠩᠭᠠᠷᠢᠭᠯᠠᠪᠠ᠃ ᠪᠠᠭᠠᠴᠤᠳ ᠤᠨ ᠭᠠᠯ ᠤᠨᠲᠠᠷᠠᠭᠠᠬᠤ ᠪᠦᠯᠬᠦᠮ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠪᠡᠶ᠎ᠡ ᠶᠢᠨ ᠲᠠᠮᠢᠷ ᠤᠨ ᠲᠤᠭᠯᠠᠯᠲᠠ ᠭᠠᠷᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠣᠯᠤᠨ ᠭᠠᠯ ᠤᠨᠲᠠᠷᠠᠭᠠᠭᠴᠢ ᠶᠢᠨ ᠠᠵᠢᠯ ᠮᠡᠷᠭᠡᠵᠢᠯ ᠤᠨ ᠰᠢᠨᠵᠢ ᠲᠡᠮᠳᠡᠭ ᠤᠨ ᠬᠥᠳᠡᠯᠭᠡᠭᠡᠨ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠠᠭᠤᠰᠬᠠᠵᠤ᠂ ᠭᠠᠯ ᠤᠨᠲᠠᠷᠠᠭᠠᠬᠤ ᠰᠠᠭᠤᠷᠢ ᠮᠡᠳᠡᠯᠭᠡ ᠪᠣᠯᠤᠨ ᠭᠠᠯ ᠤᠨᠲᠠᠷᠠᠭᠠᠬᠤ ᠠᠮᠢ ᠵᠢᠭᠤᠲᠠᠬᠤ ᠮᠡᠳᠡᠯᠭᠡ ᠶᠢ ᠠᠮᠢᠳᠤᠯᠢᠭ ᠢᠶᠠᠷ ᠳᠡᠯᠭᠡᠨ ᠦᠵᠡᠭᠦᠯᠪᠡ᠃ ᠳᠠᠷᠠᠭ᠎ᠠ ᠨᠢ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠪᠡᠶ᠎ᠡ ᠶᠢᠨ ᠲᠠᠮᠢᠷ ᠤᠨ ᠣᠷᠤᠯᠳᠤᠭᠠᠨ ᠢ ᠥᠷᠨᠢᠭᠦᠯᠵᠦ᠂ ᠲᠦᠷᠭᠡᠨ ᠵᠣᠬᠢᠶᠠᠨ ᠤᠭᠰᠠᠷᠠᠬᠤ᠂ ᠭᠠᠯ ᠤᠨ ᠱᠤᠭᠤᠮ ᠢ ᠲᠤᠭᠤᠯᠬᠤ ᠵᠡᠷᠭᠡ ᠤᠷᠤᠯᠳᠤᠭᠠᠨ ᠤ ᠲᠦᠷᠦᠯ ᠵᠦᠢᠯ ᠳᠤ ᠥᠷᠢᠰᠥᠯᠳᠦᠭᠡᠨ ᠤ ᠴᠢᠨᠠᠷ᠂ ᠰᠣᠨᠢᠷᠬᠠᠯᠲᠤ ᠴᠢᠨᠠᠷ᠂ ᠪᠡᠶ᠎ᠡ ᠴᠢᠭᠢᠷᠠᠭᠵᠢᠭᠤᠯᠬᠤ ᠴᠢᠨᠠᠷ᠂ ᠰᠤᠷᠭᠠᠨ ᠬᠥᠮᠦᠵᠢᠯ ᠤᠨ ᠴᠢᠨᠠᠷ ᠢ ᠨᠢᠭᠡ ᠴᠤᠭᠴᠠᠵᠢᠭᠤᠯᠵᠤ᠂ ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠶᠢ ᠤᠷᠤᠯᠳᠤᠭᠠᠨ ᠤ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠰᠤᠷᠤᠭᠴᠢᠳ ᠢ ᠲᠣᠭᠯᠠᠭᠠᠮ ᠤᠨ ᠳᠤᠮᠳᠠ ᠭᠠᠯ ᠤᠨᠲᠠᠷᠠᠭᠠᠬᠤ ᠮᠡᠳᠡᠯᠭᠡ ᠶᠢ ᠰᠤᠷᠤᠯᠴᠠᠭᠤᠯᠵᠤ᠂ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠡᠵᠡᠮᠰᠢᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号