11 ᠰᠠᠷ᠎ᠠ ᠶᠢᠨ 7 ᠤ ᠡᠳᠦᠷ᠂ ᠬᠦᠷᠢᠶ᠎ᠡ ᠬᠤᠰᠢᠭᠤᠨ ᠤ ︽119︾ ᠭᠠᠯ ᠤᠨᠲᠠᠷᠠᠭᠠᠬᠤ ᠤᠬᠠᠭᠤᠯᠭ᠎ᠠ ᠶᠢᠨ | ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ ︽ᠪᠢᠴᠢᠬᠠᠨ ᠪᠠᠭᠠᠲᠤᠷ ᠬᠤᠨᠳᠠᠭᠠᠲᠤ︾ | ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠲᠠᠮᠢᠷ ᠤᠨ ᠣᠷᠤᠯᠳᠤᠭᠠᠨ ᠬᠤᠰᠢᠭᠤᠨ ᠤ ᠬᠤᠲᠣᠩ | ᠠᠷᠠᠳ ᠤᠨ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠰᠢ ᠡᠬᠢᠯᠡᠯᠲᠡ ᠶᠢᠨ | ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠠᠭᠠᠴᠤᠳ ᠤᠨ ᠭᠠᠯ | ᠤᠨᠲᠠᠷᠠᠭᠠᠬᠤ ᠪᠦᠯᠬᠦᠮ ᠳᠤ ᠲᠤᠭ ᠣᠯᠭᠤᠵᠤ᠂ ᠭᠠᠯ ᠤᠨᠲᠠᠷᠠᠭᠠᠭᠴᠢ ᠶᠢᠨ ᠳᠠᠭᠠᠭᠤᠯᠭ᠎ᠠ ᠳᠣᠤᠷ᠎ᠠ᠂ ᠪᠠᠭᠠᠴᠤᠳ ᠤᠨ | ᠭᠠᠯ ᠤᠨᠲᠠᠷᠠᠭᠠᠬᠤ ᠪᠦᠯᠬᠦᠮ ᠤᠨ ᠭᠡᠰᠢᠭᠦᠨ ᠪᠠᠷᠠᠭᠤᠨ ᠭᠠᠷ ᠢᠶᠠᠨ ᠡᠷᠭᠦᠵᠦ᠂ ᠲᠥᠪ ᠴᠢᠩᠭ᠎ᠠ ᠪᠠᠷ ᠲᠠᠩᠭᠠᠷᠢᠭᠯᠠᠪᠠ᠃ | ᠪᠠᠭᠠᠴᠤᠳ ᠤᠨ ᠭᠠᠯ ᠤᠨᠲᠠᠷᠠᠭᠠᠬᠤ ᠪᠦᠯᠬᠦᠮ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠪᠡᠶ᠎ᠡ ᠶᠢᠨ | ᠲᠠᠮᠢᠷ ᠤᠨ ᠲᠤᠭᠯᠠᠯᠲᠠ ᠭᠠᠷᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠣᠯᠤᠨ ᠭᠠᠯ | ᠤᠨᠲᠠᠷᠠᠭᠠᠭᠴᠢ ᠶᠢᠨ ᠠᠵᠢᠯ ᠮᠡᠷᠭᠡᠵᠢᠯ ᠤᠨ ᠰᠢᠨᠵᠢ ᠲᠡᠮᠳᠡᠭ ᠤᠨ ᠬᠥᠳᠡᠯᠭᠡᠭᠡᠨ ᠢ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠠᠭᠤᠰᠬᠠᠵᠤ᠂ ᠭᠠᠯ ᠤᠨᠲᠠᠷᠠᠭᠠᠬᠤ ᠰᠠᠭᠤᠷᠢ ᠮᠡᠳᠡᠯᠭᠡ ᠪᠣᠯᠤᠨ ᠭᠠᠯ ᠤᠨᠲᠠᠷᠠᠭᠠᠬᠤ ᠠᠮᠢ | ᠵᠢᠭᠤᠲᠠᠬᠤ ᠮᠡᠳᠡᠯᠭᠡ ᠶᠢ ᠠᠮᠢᠳᠤᠯᠢᠭ ᠢᠶᠠᠷ ᠳᠡᠯᠭᠡᠨ ᠦᠵᠡᠭᠦᠯᠪᠡ᠃ ᠳᠠᠷᠠᠭ᠎ᠠ ᠨᠢ᠂ ᠰᠤᠷᠭᠠᠭᠤᠯᠢ ᠶᠢᠨ ᠬᠦᠷᠢᠶᠡᠨ ᠤ | ᠭᠠᠯ ᠤᠨᠲᠠᠷᠠᠭᠠᠬᠤ ᠪᠡᠶ᠎ᠡ ᠶᠢᠨ ᠲᠠᠮᠢᠷ ᠤᠨ ᠣᠷᠤᠯᠳᠤᠭᠠᠨ ᠢ ᠥᠷᠨᠢᠭᠦᠯᠵᠦ᠂ ᠲᠦᠷᠭᠡᠨ ᠵᠣᠬᠢᠶᠠᠨ ᠤᠭᠰᠠᠷᠠᠬᠤ᠂ | ᠭᠠᠯ ᠤᠨ ᠱᠤᠭᠤᠮ ᠢ ᠲᠤᠭᠤᠯᠬᠤ ᠵᠡᠷᠭᠡ ᠤᠷᠤᠯᠳᠤᠭᠠᠨ ᠤ ᠲᠦᠷᠦᠯ ᠵᠦᠢᠯ ᠳᠤ ᠥᠷᠢᠰᠥᠯᠳᠦᠭᠡᠨ ᠤ ᠴᠢᠨᠠᠷ᠂ | ᠰᠣᠨᠢᠷᠬᠠᠯᠲᠤ ᠴᠢᠨᠠᠷ᠂ ᠪᠡᠶ᠎ᠡ ᠴᠢᠭᠢᠷᠠᠭᠵᠢᠭᠤᠯᠬᠤ ᠴᠢᠨᠠᠷ᠂ ᠰᠤᠷᠭᠠᠨ ᠬᠥᠮᠦᠵᠢᠯ ᠤᠨ ᠴᠢᠨᠠᠷ ᠢ ᠨᠢᠭᠡ | ᠴᠤᠭᠴᠠᠵᠢᠭᠤᠯᠵᠤ᠂ ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ ᠠᠮᠢ ᠵᠢᠭᠤᠲᠠᠵᠤ ᠥᠪᠡᠷ ᠢ ᠪᠠᠨ ᠠᠪᠤᠷᠠᠬᠤ | ᠶᠡᠷᠦ ᠶᠢᠨ ᠮᠡᠳᠡᠯᠭᠡ ᠶᠢ ᠤᠷᠤᠯᠳᠤᠭᠠᠨ ᠤ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠰᠤᠷᠤᠭᠴᠢᠳ ᠢ | ᠲᠣᠭᠯᠠᠭᠠᠮ ᠤᠨ ᠳᠤᠮᠳᠠ ᠭᠠᠯ ᠤᠨᠲᠠᠷᠠᠭᠠᠬᠤ ᠮᠡᠳᠡᠯᠭᠡ ᠶᠢ ᠰᠤᠷᠤᠯᠴᠠᠭᠤᠯᠵᠤ᠂ ᠭᠠᠯ ᠤᠨᠲᠠᠷᠠᠭᠠᠬᠤ ᠤᠷ᠎ᠠ | ᠴᠢᠳᠠᠪᠤᠷᠢ ᠶᠢ ᠡᠵᠡᠮᠰᠢᠭᠦᠯᠪᠡ᠃ | | | |