ᠲᠦᠩᠯᠢᠶᠣᠤ ᠬᠤᠳᠠ᠂ ᠤᠯᠠᠭᠠᠨᠴᠠᠪ ᠬᠤᠳᠠ 2025 ᠣᠨ ᠤ ᠭᠤᠣᠯᠳᠠᠯᠭ᠎ᠠ ᠪᠣᠯᠬᠤ ᠲᠦᠷᠦᠯ ᠵᠦᠢᠯ ᠢ | ᠨᠥᠭᠡᠴᠡᠯᠡᠬᠦ ᠪᠠᠨ ᠡᠷᠲᠡᠬᠡᠨ ᠲᠥᠯᠥᠪᠯᠡᠵᠦ ᠪᠣᠢ᠃ 2025 ᠣᠨ ᠳᠤ᠂ ᠲᠦᠩᠯᠢᠶᠣᠤ ᠬᠤᠲᠠ 500 ᠲᠦᠮᠡᠨ | ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠪᠣᠯᠬᠤ ᠲᠦᠷᠦᠯ ᠵᠦᠢᠯ ᠢ 516 ᠬᠡᠷᠡᠭᠵᠢᠭᠦᠯᠬᠦ ᠪᠠᠷ ᠲᠥᠯᠥᠪᠯᠡᠵᠦ᠂ | ᠲᠡᠳᠡᠭᠡᠷ ᠤᠨ ᠶᠡᠷᠦᠩᠬᠡᠶ ᠪᠠᠯᠠ ᠣᠷᠣᠭᠤᠯᠤᠯᠲᠠ ᠶᠢ 2532.8 ᠳ᠋ᠦᠩᠰᠢᠭᠤᠷ ᠲᠥᠭᠦᠷᠢᠭ᠂ ᠵᠢᠯ ᠤᠨ ᠪᠠᠯᠠ | ᠣᠷᠣᠭᠤᠯᠤᠯᠲᠠ ᠶᠢ 712.3 ᠳ᠋ᠦᠩᠰᠢᠭᠤᠷ ᠲᠥᠭᠦᠷᠢᠭ ᠢᠶᠠᠷ ᠲᠥᠯᠥᠪᠯᠡᠪᠡ᠃ ᠡᠭᠦᠨ ᠳᠤ᠂ ᠰᠢᠨ᠎ᠡ ᠪᠠᠷ ᠪᠠᠶᠢᠭᠤᠯᠬᠤ | ᠲᠥᠷᠥᠯ ᠵᠦᠢᠯ 301 ᠪᠠᠶᠢᠵᠤ᠂ ᠵᠢᠯ ᠤᠨ ᠪᠡᠯᠡ ᠣᠷᠣᠭᠤᠯᠤᠯᠲᠠ ᠶᠢ ᠨᠢ 389.2 ᠳ᠋ᠦᠩᠰᠢᠭᠤᠷ ᠲᠥᠭᠦᠷᠢᠭ᠂ | ᠦᠷᠭᠦᠯᠵᠢᠯᠡᠨ ᠪᠠᠶᠢᠭᠤᠯᠬᠤ ᠲᠥᠷᠥᠯ ᠵᠦᠢᠯ 215 ᠪᠠᠶᠢᠵᠤ᠂ ᠵᠢᠯ ᠤᠨ ᠪᠡᠯᠡ ᠣᠷᠣᠭᠤᠯᠤᠯᠲᠠ ᠶᠢ ᠨᠢ 323.11 | ᠳ᠋ᠦᠩᠰᠢᠭᠤᠷ ᠲᠥᠭᠦᠷᠢᠭ ᠢᠶᠠᠷ ᠲᠥᠯᠥᠪᠯᠡᠵᠡᠶ᠃ ᠣᠳᠣᠬᠠᠨ ᠳᠤ᠂ ᠡᠮᠦᠨᠡᠬᠢ ᠬᠤᠭᠤᠴᠠᠭᠠᠨ ᠤ ᠭᠠᠷᠳᠠᠮ ᠢᠶᠠᠨ | ᠪᠥᠬᠦᠨ ᠢᠶᠠᠷ ᠨᠢ ᠭᠦᠶ᠋ᠴᠡᠳᠬᠡᠵᠦ ᠳᠠᠭᠤᠰᠬᠠᠭᠰᠠᠨ ᠲᠥᠷᠥᠯ ᠵᠦᠶ᠋ᠯ ᠨᠡᠶᠢᠲᠡ 219 ᠪᠠᠶᠢᠵᠤ᠂ ᠲᠥᠷᠥᠯ ᠵᠦᠶ᠋ᠯ ᠤᠨ | ᠭᠠᠷᠳᠠᠮ ᠢ ᠭᠦᠶ᠋ᠴᠡᠳᠬᠡᠵᠦ ᠳᠠᠭᠤᠰᠬᠠᠭᠰᠠᠨ ᠨᠣᠷᠮ᠎ᠠ ᠨᠢ 42.4% ᠪᠣᠯᠪᠠ᠃ ᠤᠯᠠᠭᠠᠨᠴᠠᠪ ᠬᠤᠲᠠ 212 | ᠴᠢᠬᠤᠯᠠ ᠶᠡᠭᠡ ᠲᠥᠷᠥᠯ ᠵᠦᠶ᠋ᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠡᠳᠡᠭᠡᠷ ᠤᠨ ᠶᠡᠷᠦᠩᠬᠡᠢ ᠪᠡᠯᠡ | ᠣᠷᠤᠭᠤᠯᠤᠯᠲᠠ ᠶᠢ 2012 ᠳ᠋ᠦᠩᠰᠢᠭᠤᠷ ᠲᠥᠭᠦᠷᠢᠭ᠂ ᠵᠢᠯ ᠤᠨ ᠪᠡᠯᠡ ᠣᠷᠤᠭᠤᠯᠤᠯᠲᠠ ᠶᠢ 464 ᠳ᠋ᠦᠩᠰᠢᠭᠤᠷ | ᠲᠥᠭᠦᠷᠢᠭ ᠢᠶᠠᠷ ᠲᠥᠯᠥᠪᠯᠡᠪᠡ᠃ ᠡᠭᠦᠨ ᠳᠤ᠂ 47 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ | ᠳ᠋ᠠᠶᠢᠲ᠋ᠠ ᠶᠢᠨ ᠲᠥᠪ ᠤᠨ ᠲᠥᠷᠥᠯ ᠵᠦᠶ᠋ᠯ ᠢ 22 ᠬᠡᠷᠡᠭᠵᠢᠭᠦᠯᠬᠦ ᠪᠠᠷ ᠲᠥᠯᠥᠪᠯᠡᠵᠦ᠂ ᠪᠥᠬᠦ ᠤᠯᠤᠰ ᠲᠤ | ᠬᠠᠨᠳᠤᠭᠤᠯᠤᠭᠰᠠᠨ ︽ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠤᠳᠤᠬᠤ︾ ᠪᠤᠳᠤᠯᠭ᠎ᠠ ᠶᠢᠨ | ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠢᠳᠡᠪᠬᠢᠲᠡᠶ ᠪᠠᠶᠢᠭᠤᠯᠤᠨ᠎ᠠ︔ ︽ᠨᠣᠬᠠᠢ ᠶᠢᠨ ᠬᠤᠰᠢᠭᠤ᠂ | ᠢᠳᠡᠰᠢᠨ ᠨᠣᠭᠤᠭ᠎ᠠ᠂ ᠲᠥᠮᠥᠰᠥ᠂ ᠦᠬᠡᠷ ᠤᠨ ᠮᠢᠬ᠎ᠠ᠂ ᠬᠤᠨᠢᠨ ᠮᠢᠬ᠎ᠠ᠂ ᠰᠦ ᠰᠠᠭᠠᠯᠢ︾ ᠶᠢᠨ ᠳᠠᠪᠠᠭᠤᠯᠢᠭ ᠠᠵᠤ | ᠦᠶ᠋ᠯᠡᠰ ᠤᠨ ᠲᠣᠭᠤᠷᠢᠨ ᠳᠤ᠂ 15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠲᠣ | ᠦᠶ᠎ᠡ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠶᠠᠯᠠᠩ ᠤᠨ ᠠᠵᠤ ᠦᠶ᠋ᠯᠡᠰ ᠤᠨ ᠵᠢᠱᠢᠶ᠎ᠡ | ᠦᠵᠡᠭᠦᠯᠬᠦ ᠬᠦᠷᠢᠶᠡᠯᠡᠩ ᠵᠡᠷᠭᠡ 22 ᠲᠥᠷᠥᠯ ᠵᠦᠶ᠋ᠯ ᠢ ᠬᠡᠷᠡᠭᠵᠢᠭᠦᠯᠬᠦ ᠪᠠᠷ ᠪᠣᠢ︔ ᠰᠠᠯᠬᠢ ᠭᠡᠷᠡᠯ ᠤᠰᠤᠲᠥ᠋ᠷᠥᠭᠴᠢ | ᠨᠥᠭᠡᠴᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ 289 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠵᠦᠸᠧᠽᠢ ᠰᠢᠶᠠᠨ ᠤ 100 ᠲᠦᠮᠡᠨ ᠺᠢᠯᠣᠸᠠᠲ / 600 | ᠲᠦᠮᠡᠨ ᠺᠢᠯᠣᠸᠠᠲ ᠴᠠᠭ ᠤᠨ ᠴᠠᠬᠢᠯᠭᠠᠨ ᠲᠣᠤᠷ ᠤᠨ ᠲᠠᠯ᠎ᠠ ᠶᠢᠨ ᠡᠨᠧᠷᠭᠢ ᠬᠠᠳᠠᠭᠠᠯᠠᠬᠤ ᠵᠡᠷᠭᠡ 44 ᠲᠥᠷᠥᠯ | ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠤᠯᠠᠭᠠᠨᠴᠠᠪ – ᠡᠷᠢᠶᠡᠨ ᠤ ᠤᠯᠤᠰ ᠤᠨ | ᠪᠠᠷᠠᠭᠠᠨ ᠤ ᠭᠦᠶ᠋ᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠬᠢᠯᠢ ᠶᠢᠨ ᠪᠣᠭᠤᠮᠲᠠ ᠬᠢᠭᠡᠳ ᠥᠷᠥᠴᠡ | ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢᠨ ᠲᠣᠭᠤᠷᠢᠨ ᠳᠤ᠂ 12 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠬᠤ ᠪᠠᠷ ᠲᠥᠯᠥᠪᠯᠡᠵᠦ᠂ ᠵᠠᠮ ᠬᠠᠷᠢᠯᠴᠠᠭ᠎ᠠ ᠪᠠ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶ᠋ᠯᠭᠡᠭᠡᠨ ᠤ 10 | ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠬᠤ ᠪᠣᠯᠣᠨ᠎ᠠ᠃ ︵ᠲᠦᠩᠯᠢᠶᠣᠤ | ᠬᠤᠲᠠ ᠶᠢᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ︶ |