ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/19
    12 ᠰᠠᠷ᠎ᠠ ᠶᠢᠨ 18 ᠤ ᠡᠳᠦᠷ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠬᠦᠶ ᠯᠠᠨ᠂ ᠳᠡᠳ᠋ ᠡᠷᠬᠢᠯᠡᠭᠴᠢ ᠪᠦᠦ ᠱᠠᠭᠠᠷᠠᠢ᠂ ᠹᠠᠨ ᠭᠤᠸᠠᠩ ᠴᠤᠤ᠂ ᠵᠠᠩ ᠱᠤ᠋ ᠯᠢ᠂ ᠶᠠᠩ ᠵᠠᠨ ᠬᠠᠶ ᠬᠤᠷᠠᠯ ᠳᠤ ᠣᠷᠣᠯᠴᠠᠵᠠᠶ᠃ ᠬᠤᠷᠠᠯ ᠢ ᠸᠠᠩ ᠬᠦᠢ ᠯᠠᠨ ᠡᠷᠬᠢᠯᠡᠪᠡ᠃    ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠡᠬᠡ ᠨᠣᠤᠷᠠᠭ︶ ᠤᠨ ᠲᠤᠬᠠᠶ ᠮᠡᠳᠡᠭᠦᠯᠦᠯᠲᠡ᠂ 2023 ᠣᠨ ᠤ ᠬᠤᠰᠢᠭᠤᠨ ᠤ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ 2024 ᠣᠨ ᠤ ᠪᠥᠬᠦ ᠬᠤᠰᠢᠭᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠥᠬᠦ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ᠪᠠ ᠰᠤᠮᠤ ᠰᠢᠶᠠᠩ ᠪᠠᠯᠭᠠᠰᠤᠨ ᠤ ︽ᠭᠡᠷ ᠥᠷᠲᠡᠭᠡ︾ ᠶᠢᠨ ᠪᠥᠲᠥᠭᠡᠨ ᠪᠠᠶᠢᠭᠤᠯᠤᠯᠲᠠ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠠᠶᠢᠳᠠᠯ ᠤᠨ ᠲᠤᠬᠠᠶ ᠵᠠᠷᠯᠠᠯ ᠢ ᠰᠣᠨᠣᠰᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠦᠪᠯᠡᠭᠰᠡᠨ ᠰᠠᠨᠠᠯ︾ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠪᠠ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠦᠨᠡᠯᠡᠯᠲᠡ ᠶᠢᠨ ᠰᠠᠨᠠᠯ ᠢ ᠴᠡᠭᠴᠡᠯᠡᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠵᠡᠶ᠃    ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 3 ᠲᠥᠯᠥᠭᠡᠯᠡᠭᠴᠢ ᠲᠤᠰᠢᠶᠠᠯ ᠤᠨ ᠮᠡᠳᠡᠭᠦᠯᠦᠯᠲᠡ ᠬᠢᠪᠠ᠃ ᠬᠤᠷᠠᠯ ᠳᠡᠭᠡᠷ᠎ᠡ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠶᠠᠪᠤᠭᠳᠠᠭᠤᠯᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠᠩ ᠪᠥᠸᠧ ᠬᠤᠷᠠᠯ ᠳᠤ ᠣᠷᠣᠯᠴᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号