2024 ᠣᠨ ᠤ 12 ᠰᠠᠷ᠎ᠠ ᠳᠤ ᠬᠦᠷᠢᠶ᠎ᠡ ᠬᠤᠰᠢᠭᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠠᠤᠯᠢᠴᠢ ᠶᠢᠨ ᠰᠣᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠬᠤ ᠡᠳᠦᠷ ᠤᠨ ᠲᠣᠬᠢᠷᠠᠭᠤᠯᠤᠯᠲᠠ ᠶᠢᠨ ᠵᠠᠷ ᠨᠡᠶᠢᠲᠡᠯᠡᠯ
ᠨᠡᠶᠢᠲᠡᠯᠡᠭᠰᠡᠨ ᠴᠠᠭ᠄
2024/12/2
    ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠶᠡᠬᠡᠪᠡᠷ ᠭᠥᠯᠢᠶᠡᠨ ᠠᠪᠴᠤ ᠶᠡᠬᠡᠪᠡᠷ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠪᠥᠬᠦ ᠬᠤᠰᠢᠭᠤᠨ ᠤ ᠨᠡᠶᠢᠭᠡᠮ ᠤᠯᠤᠰ ᠲᠥᠷᠥ ᠶᠢᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠬᠤ ᠶᠢᠨ ᠲᠥᠯᠥᠭᠡ᠂ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠦᠨᠳᠦᠰᠦᠯᠡᠨ᠂ ᠡᠳᠦᠭᠡ 2024 ᠣᠨ ᠤ 12 ᠰᠠᠷ᠎ᠠ ᠳᠤ ᠬᠦᠷᠢᠶ᠎ᠡ ᠬᠤᠰᠢᠭᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠠᠤᠯᠢᠴᠢ ᠶᠢᠨ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠬᠤ ᠲᠤᠬᠠᠶ ᠳᠣᠤᠷᠠᠬᠢ ᠮᠡᠲᠦ ᠵᠠᠷᠯᠠᠶ᠎ᠠ᠄    ᠨᠢᠭᠡ᠂ ᠰᠤᠷᠪᠤᠯᠵᠢᠯᠠᠯ ᠢ ᠬᠦᠯᠢᠶᠡᠨ ᠠᠪᠬᠤ ᠭᠠᠵᠠᠷ᠄ ᠬᠦᠷᠢᠶ᠎ᠡ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ︵ᠬᠦᠷᠢᠶ᠎ᠡ ᠬᠤᠰᠢᠭᠤᠨ ᠤ ᠵᠡᠭᠦᠨ ᠰᠢᠯᠢ ᠶᠢᠨ ᠰᠢᠨ᠎ᠡ ᠲᠣᠭᠤᠷᠢᠭ ᠤᠨ ᠬᠠᠳᠠᠲᠤ ᠵᠡᠭᠡᠯᠢ ᠬᠢᠭᠡᠳ ᠰᠢᠩ ᠲᠠᠨ ᠵᠠᠮ ᠤᠨ ᠠᠭᠤᠯᠵᠠᠷ ᠤᠨ ᠵᠡᠭᠦᠨ ᠲᠠᠯ᠎ᠠ ᠶᠢᠨ ᠬᠦᠷᠢᠶ᠎ᠡ ᠬᠤᠰᠢᠭᠤᠨ ᠤ ᠵᠦᠷᠢᠴᠡᠯ ᠰᠢᠢᠳᠪᠦᠷᠢᠯᠡᠬᠦ ᠦᠢᠯᠡᠴᠢᠯᠡᠭᠡᠨ ᠤ ᠲᠥᠪ ᠤᠨ ᠠᠯᠪᠠᠯᠠᠬᠤ ᠠᠰᠠᠷ ᠤᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠶᠢᠨ ᠤᠳᠤᠷᠢᠳᠤᠯᠭ᠎ᠠ ᠰᠤᠷᠪᠤᠯᠵᠢᠯᠠᠯ ᠢ ᠬᠦᠯᠢᠶᠡᠨ ᠠᠪᠬᠤ ᠲᠠᠰᠤᠭ︶    ᠬᠤᠶᠠᠷ᠂ ᠰᠤᠷᠪᠤᠯᠵᠢᠯᠠᠯ ᠢ ᠬᠦᠯᠢᠶᠡᠨ ᠠᠪᠬᠤ ᠴᠠᠭ᠄    ᠦᠳᠡ ᠶᠢᠨ ᠡᠮᠦᠨ᠎ᠡ 08᠄ 30 - 12᠄ 00 ᠦᠳᠡ ᠶᠢᠨ ᠬᠤᠶᠢᠨ᠎ᠠ 14᠄ 30 - 17᠄ 30    ᠭᠤᠷᠪᠠ᠂ 2024 ᠣᠨ ᠤ 12 ᠰᠠᠷ᠎ᠠ ᠳᠤ ᠬᠦᠷᠢᠶ᠎ᠡ ᠬᠤᠰᠢᠭᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠬᠤ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠶᠢᠨ ᠬᠦᠰᠦᠨᠦᠭᠲᠦ᠂ 2024 ᠣᠨ ᠤ 12 ᠰᠠᠷ᠎ᠠ ᠳᠤ ᠬᠠᠤᠯᠢᠴᠢ ᠶᠢᠨ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠬᠤ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠶᠢᠨ ᠬᠦᠰᠦᠨᠦᠭᠲᠦ᠃ ︵ᠬᠡᠷᠪᠡ ᠬᠤᠪᠢᠷᠠᠯᠲᠠ ᠲᠠᠢ ᠪᠣᠯ ᠪᠣᠳᠠᠲᠠᠢ ᠲᠣᠬᠢᠷᠠᠭᠤᠯᠤᠯᠲᠠ ᠪᠠᠷ ᠪᠠᠷᠢᠮᠵᠢᠶ᠎ᠠ ᠪᠣᠯᠭᠠᠨ᠎ᠠ︶ᠠᠳᠡ ᠲᠤᠪᠴᠢᠳᠠᠵᠤ ᠬᠦᠰᠦᠨᠦᠭᠲᠦ ᠶᠢ ᠦᠵᠡᠭᠡᠷᠡᠢ︕
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号