12 ᠰᠠᠷ᠎ᠠ ᠶᠢᠨ 19 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶ ᠴᠢᠶᠠᠩ ᠨᠠᠷ | ᠬᠦᠷᠢᠶ᠎ᠡ ᠬᠤᠰᠢᠭᠤᠨ ᠳᠤ ᠢᠷᠡᠵᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ | ᠱᠢ ᠾᠧᠦ ᠴᠦᠨ᠂ ᠬᠤᠰᠢᠭᠤᠨ ᠤ ᠤᠳᠤᠷᠢᠳᠤᠯᠭ᠎ᠠ ᠵᠧᠤ ᠯᠢᠶᠠᠩ ᠶᠤᠸᠠᠨ᠂ ᠸᠠᠩ ᠬᠦᠶ ᠯᠠᠨ᠂ ᠯᠢ ᠢᠦᠶ ᠹᠦ᠋ ᠪᠠᠷ᠎ᠠ | ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠵᠢᠢ ᠴᠢᠶᠠᠩ ᠨᠠᠷ ᠤᠷᠢᠳ ᠬᠤᠵᠢᠳ ᠸᠠ ᠹᠠᠩ ᠮᠠᠯᠵᠢᠯ ᠤᠨ ᠲᠠᠯᠠᠪᠠᠢ ᠶᠢᠨ ᠤᠳᠤ ᠦᠶ᠎ᠡ ᠶᠢᠨ ᠮᠠᠯ | ᠪᠡᠯᠴᠢᠭᠡᠷ ᠤᠨ ᠲᠡᠩᠴᠡᠭᠦᠷᠢ ᠶᠢ ᠨᠢᠭᠡ ᠴᠤᠬᠴᠠᠵᠢᠭᠤᠯᠬᠤ ᠲᠦᠷᠦᠯ ᠵᠦᠢᠯ ᠤᠨ ᠲᠣᠭᠤᠷᠢᠭ᠂ ᠰᠢᠨ ᠴᠧᠩ | ᠢᠯᠴᠢ ᠶᠢᠨ ᠬᠦᠴᠦᠨ ᠤ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠶᠤᠸᠠᠨ ᠲᠠᠢ | ᠹᠧᠩ ᠣᠷᠭᠠᠨᠢᠭ ᠡᠩᠬᠦᠷᠡᠢ ᠠᠮᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠯᠢᠦ ᠵᠢᠶᠠᠽᠢ | ᠪᠠᠯᠭᠠᠰᠤᠨ ᠤ ᠰᠢᠩ ᠱᠤ᠋ ᠸᠠ ᠲᠣᠰᠬᠤᠨ᠂ ᠮᠤᠬᠤᠷ ᠭᠤᠤ ᠶᠢᠨ ᠤᠰᠤᠨ ᠴᠥᠭᠦᠷᠥᠮ᠂ ᠲᠤᠯᠤᠳᠤ ᠶᠢᠨ | ᠬᠤᠪᠢᠰᠬᠠᠯ ᠤᠨ ᠳᠤᠷᠠᠰᠤᠮᠵᠢ ᠶᠢ ᠳᠡᠯᠭᠡᠨ ᠦᠵᠡᠭᠦᠯᠬᠦ ᠣᠷᠳᠣᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ | ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ | ᠵᠦᠢᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠠᠵᠢᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠪᠠ᠃ | ᠵᠢᠶ ᠴᠢᠶᠠᠩ ᠵᠢᠭᠠᠵᠤ ᠭᠠᠷᠭᠠᠭᠰᠠᠨ ᠨᠢ᠂ ᠪᠠᠷᠢᠯᠭ᠎ᠠ ᠶᠢᠨ ᠨᠢᠭᠡᠴᠢ ᠲᠠᠢ ᠵᠣᠬᠢᠴᠠᠭᠤᠯᠵᠤ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠶ︔ | ᠲᠠᠷᠢᠶᠠᠯᠠᠩ ᠤᠨ ᠰᠢᠨ᠎ᠡ ᠮᠡᠷᠭᠡᠵᠢᠯ ᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠬᠡᠪᠴᠢᠶᠡᠨ ᠤ ᠦᠢᠯᠡᠳᠦᠯ ᠪᠠ | ᠮᠡᠷᠭᠡᠵᠢᠯ ᠤᠨ ᠰᠠᠶᠢᠵᠢᠷᠠᠯᠲᠠ ᠪᠠᠷ ᠥᠪᠡᠷ ᠤᠨ ᠦᠷᠳᠡᠭ ᠢ ᠪᠠᠭᠤᠷᠠᠭᠤᠯᠬᠤ᠂ ᠤᠨᠠᠯᠲᠠ ᠶᠢ ᠳᠡᠭᠡᠭᠰᠢᠯᠡᠭᠦᠯᠬᠦ᠂ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠢ ᠭᠡᠵᠡᠢ᠃ | ᠵᠢᠢ ᠴᠢᠶᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ | ᠲᠠᠰᠤᠷᠠᠯᠲᠠ ᠦᠭᠡᠢ ᠴᠢᠩᠭᠠᠳᠬᠠᠵᠤ᠂ ᠲᠥᠯᠥᠭᠡᠯᠡᠭᠴᠢᠳ ᠤᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠭᠦᠢᠴᠡᠳᠬᠡᠬᠦ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠤᠯᠠᠨ | ᠲᠦᠮᠡᠨ ᠲᠠᠢ ᠨᠢᠭᠲᠠ ᠬᠠᠷᠢᠯᠴᠠᠬᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ | ᠠᠮᠢᠳᠤᠯᠢᠭ ᠴᠤᠩᠬᠤᠪᠴᠢ ᠪᠠ ᠠᠴᠢᠶᠠᠯᠠᠪᠤᠷᠢ ᠶᠢ ᠦᠢᠯᠡᠳᠦᠯᠭᠡᠵᠢᠭᠦᠯᠬᠦ ᠬᠡᠷᠡᠭᠲᠡᠢ︔ ᠲᠥᠯᠥᠭᠡᠯᠡᠭᠴᠢᠳ ᠤᠨ | ᠬᠤᠯᠪᠣᠭ᠎ᠠ ᠠᠪᠬᠤ ᠦᠷᠳᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠯᠥᠭᠡᠯᠡᠭᠴᠢᠳ ᠤᠨ | ᠬᠦᠳᠦᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ | ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ | | | |