ᠬᠦᠷᠢᠶ᠎ᠡ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠤᠬᠠᠢ ᠶᠢᠨ ᠲᠠᠯᠠᠪᠠᠢ ᠳᠤ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/12/20
    12 ᠰᠠᠷ᠎ᠠ ᠶᠢᠨ 19 ᠤ ᠡᠳᠦᠷ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠴᠣᠤ ᠸᠧᠶ ᠪᠠᠭ ᠤᠨ ᠭᠡᠰᠢᠭᠦᠨ ᠢᠶᠠᠨ ᠳᠠᠭᠠᠭᠤᠯᠤᠨ ᠰᠢᠶᠠᠨᠵᠢᠨ ᠰᠤᠮᠤ ᠶᠢᠨ ᠨᠣᠬᠠᠢ ᠪᠠᠶᠢᠰᠢᠩ ᠭᠠᠴᠠᠭᠠᠨ ᠤ ᠲᠤᠬᠠᠶ ᠶᠢᠨ ᠲᠠᠯᠠᠪᠤᠷ ᠲᠤ ᠬᠦᠷᠴᠦ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃
   ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠯᠠᠪᠤᠷ ᠣᠷᠳᠣᠨ ᠤ ᠦᠵᠡᠰᠭᠦᠯᠡᠩ ᠤᠨ ᠪᠠᠶᠢᠷᠢᠯᠠᠭᠤᠯᠤᠯᠲᠠ ᠪᠠ ᠬᠡᠷ ᠤᠨ ᠭᠠᠳᠠᠨᠠᠬᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠷᠤᠭ ᠤᠨ ᠬᠤᠩᠭᠢᠯ ᠢ ᠤᠭᠰᠠᠷᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠥᠷᠥᠯ ᠵᠦᠢᠯ ᠤᠨ ᠬᠠᠷᠢᠭᠤᠴᠠᠯᠭᠠᠲᠠᠨ᠂ ᠬᠡᠷᠡᠭᠵᠢᠭᠦᠯᠬᠦ ᠨᠢᠭᠡᠴᠢ ᠶᠢᠨ ᠬᠠᠷᠢᠭᠤᠴᠠᠯᠭᠠᠲᠠᠨ ᠤ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ ᠲᠠᠷᠠᠭᠠᠴᠢ ᠶᠢᠨ ᠠᠯᠬᠤᠮ ᠤᠨ ᠳᠡᠯᠭᠡᠨ ᠦᠵᠡᠭᠦᠯᠬᠦ ᠠᠬᠢᠴᠠ ᠶᠢᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
   ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠲᠥᠯᠥᠪᠯᠡᠭᠡ ᠶᠣᠰᠣᠭᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠪᠡᠶᠡᠯᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠦᠢᠯᠡᠳᠦᠯ ᠢ ᠡᠷᠲᠡᠬᠡᠨ ᠪᠠᠳᠠᠷᠠᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号