ᠯᠢᠦ ᠵᠢᠶᠠᠽᠢ ᠪᠠᠯᠭᠠᠰᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯᠳᠤᠭᠠᠨ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/12/20
    12 ᠰᠠᠷ᠎ᠠ ᠶᠢᠨ 19 ᠤ ᠡᠳᠦᠷ᠂ ᠯᠢᠦ ᠵᠢᠶᠠᠽᠢ ᠪᠠᠯᠭᠠᠰᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯᠳᠤᠭᠠᠨ ᠲᠡᠭᠦᠰ ᠠᠮᠵᠢᠯᠲᠠ ᠲᠠᠢ ᠲᠡᠭᠦᠰᠪᠡ᠃    ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠤᠷᠠᠯᠳᠤᠭᠤᠯᠤᠭᠴᠢᠳ ᠤᠨ ᠬᠤᠷᠠᠯ᠂ ᠶᠡᠭᠡ ᠬᠤᠷᠠᠯ ᠤᠨ ᠪᠡᠯᠡᠳᠬᠡᠯ ᠬᠤᠷᠠᠯ᠂ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ᠂ ᠪᠦᠬᠦ ᠲᠥᠯᠥᠭᠡᠯᠡᠭᠴᠢᠳ ᠤᠨ ᠠᠩᠬᠠᠳᠤᠭᠠᠷ ᠬᠤᠷᠠᠯ ︵ᠡᠬᠢᠯᠡᠯᠲᠡ ᠶᠢᠨ ᠶᠣᠰᠣᠯᠠᠯ︶᠂ ᠡᠯ᠎ᠡ ᠲᠥᠯᠦᠭᠡᠯᠡᠭᠴᠢᠳ ᠤᠨ ᠪᠦᠯᠬᠦᠮ ᠤᠨ ᠬᠤᠷᠠᠯ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠬᠤᠷᠠᠯ᠂ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯ᠂ ᠪᠦᠬᠦ ᠲᠥᠯᠥᠭᠡᠯᠡᠭᠴᠢᠳ ᠤᠨ ᠬᠤᠶᠠᠳᠤᠭᠠᠷ ᠬᠤᠷᠠᠯ ︵ᠲᠡᠭᠦᠰᠬᠡᠯ ᠤᠨ ᠶᠣᠰᠣᠯᠠᠯ︶ ᠵᠡᠷᠭᠡ ᠭᠤᠭᠴᠤᠭ᠎ᠠ ᠶᠢ ᠳᠠᠮᠵᠢᠨ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠠᠵᠢᠯ ᠤᠨ ᠮᠡᠳᠡᠭᠦᠯᠦᠯᠲᠡ᠂ ︽ᠬᠦᠷᠢᠶ᠎ᠡ ᠬᠤᠰᠢᠭᠤᠨ ᠤ ᠯᠢᠦ ᠵᠢᠶᠠᠽᠢ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ︵2021 - 2035 ᠣᠨ︶︾ ᠶᠢ ᠰᠣᠨᠣᠰᠴᠤ᠂ ᠬᠢᠨᠠᠨ ᠵᠥᠪᠯᠡᠵᠦ ᠪᠠᠲᠤᠯᠠᠨ᠂ ᠶᠡᠭᠡ ᠬᠤᠷᠠᠯ ᠳᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠦᠭᠡᠢ ᠪᠠᠶᠢᠳᠠᠯ ᠤᠨ ᠲᠣᠳᠣᠷᠬᠠᠶᠢᠯᠠᠯᠲᠠ ︵ᠪᠢᠴᠢᠭ︶ ᠶᠢ ᠳᠡᠪᠰᠢᠭᠦᠯᠵᠡᠢ᠃    ᠬᠠᠮᠤᠭ ᠰᠡᠭᠦᠯ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠢ ᠶᠦᠩ ᠳ᠋ᠦᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠲᠥᠯᠥᠭᠡᠯᠡᠭᠴᠢᠳ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ︔ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠵᠣᠯ ᠵᠢᠷᠭᠠᠯ ᠤᠨ ᠰᠠᠭᠤᠷᠢ ᠥᠩᠭᠡ ᠶᠢ ᠭᠡᠷᠡᠯᠳᠦᠬᠦᠯᠵᠦ᠂ ᠡᠩ ᠤᠨ ᠤᠯᠠᠨ ᠲᠦᠮᠡᠨ ᠤ ᠬᠠᠷᠠᠭᠠᠰᠤ ᠠᠴᠠ ︽ᠡᠪᠡᠷᠰᠢᠶᠡᠯ︾ ᠢ ᠢᠯᠡᠭᠦᠬᠡᠨ ᠡᠷᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠰᠢᠨᠳᠡᠰᠦ ᠡᠷᠴᠢᠯᠡᠨ ᠪᠣᠳᠠᠲᠠᠢ ᠠᠵᠢᠯᠯᠠᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠣᠯᠤᠨ ᠠᠵᠢᠯ ᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠵᠦ᠂ ᠵᠣᠯ ᠵᠢᠷᠭᠠᠯᠲᠤ ᠯᠢᠦ ᠵᠢᠶᠠᠽᠢ ᠶᠢ ᠬᠠᠮᠲᠤᠪᠠᠷ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号