12 ᠰᠠᠷ᠎ᠠ ᠶᠢᠨ 23 ᠤ ᠡᠳᠦᠷ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠦᠷᠢᠶ᠎ᠡ | ᠬᠤᠰᠢᠭᠤᠨ ᠳᠤ ᠢᠷᠡᠵᠦ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ | ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠦᠷᠢᠶ᠎ᠡ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ᠂ ︽ᠬᠤᠶᠠᠷ ᠡᠪᠡᠳᠴᠢᠨ︾ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ | ᠳᠠᠭᠠᠳᠬᠠᠯ ᠤᠨ ᠲᠣᠭᠲᠠᠭᠰᠠᠨ ᠴᠡᠭ ᠲᠤ ᠣᠷᠣᠭᠤᠯᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ | ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠯᠭᠠᠮ᠎ᠠ | ᠰᠡᠳᠬᠢᠯᠭᠡ᠂ ᠴᠢᠬᠤᠯᠠ ᠴᠢᠨᠠᠷ ᠢ ᠤᠯᠠᠮ ᠴᠢᠨᠠᠭᠰᠢᠳᠠ ᠲᠠᠨᠢᠵᠤ᠂ ᠡᠮ ᠡᠮᠨᠡᠯᠭᠡ ᠶᠢᠨ ᠳᠠᠭᠠᠳᠬᠠᠯ ᠤᠨ | ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ︽ᠤᠯᠤᠰ ᠤᠨ ᠰᠢᠯᠭᠠᠯᠲᠠ︾ ᠶᠢᠨ ᠦᠨᠡᠯᠡᠯᠲᠡ ᠶᠢᠨ ᠡᠯ᠎ᠡ | ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠭᠦᠷᠭᠡ ᠬᠠᠷᠠᠯᠲᠠ ᠶᠢ ᠴᠢᠩᠭ᠎ᠠ | ᠠᠩᠬᠠᠷᠴᠤ᠂ ᠲᠠᠲᠠᠪᠤᠷᠢᠯᠠᠨ ᠲᠤᠰᠢᠶᠠᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠪᠠᠶᠢᠭᠠᠳ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠭᠤᠯᠵᠤ᠂ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠨ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ | ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠠᠵᠢᠯ ᠳᠤ ᠣᠷᠣᠭᠤᠯᠬᠤ ᠶᠢ ᠬᠠᠮᠲᠤᠪᠠᠷ ᠠᠬᠢᠭᠤᠯᠵᠤ᠂ | ︽ᠬᠤᠶᠠᠷ ᠡᠪᠡᠳᠴᠢᠨ︾ ᠤ ᠬᠠᠷᠠᠭᠠᠯᠵᠠᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ ᠭᠡᠵᠡᠢ᠃ | | | |