ᠣᠶᠢᠷ᠎ᠠ ᠳᠤ᠂ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠦᠷᠦᠯ ᠵᠦᠢᠯ ᠤᠨ | ᠨᠢᠭᠡ ᠪᠣᠯᠬᠤ ︽ᠶᠡᠭᠡ ᠬᠡᠪᠴᠢᠶ᠎ᠡ ᠪᠠᠷ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠤᠨ ᠣᠨᠴᠠ | ᠥᠨᠳᠥᠷ ᠬᠦᠴᠦᠳᠡᠯᠲᠦ ᠣᠯᠠᠨ ᠦᠵᠦᠭᠦᠷᠲᠦ ᠲᠣᠭᠲᠠᠮᠠᠯ ᠬᠦᠶᠦᠲᠠᠯᠲᠦ ᠴᠠᠬᠢᠯᠭᠠᠨ ᠬᠦᠷᠭᠡᠯᠲᠡ ᠶᠢ ᠭᠠᠳᠠᠭᠰᠢ | ᠬᠦᠷᠭᠡᠬᠦ ᠵᠠᠩᠭᠢᠯᠠᠭ᠎ᠠ ᠶᠢᠨ ᠮᠡᠷᠭᠡᠵᠢᠯ︾ ᠤᠨ ᠲᠥᠷᠥᠯ ᠵᠦᠢᠯ ᠤᠨ ᠱᠠᠲᠤ ᠦᠶ᠎ᠡ ᠶᠢᠨ ᠰᠤᠳᠤᠯᠭᠠᠨ ᠤ ᠡᠭᠦᠷᠭᠡ ᠪᠠᠨ | ᠤᠷᠤᠭᠰᠢᠲᠠᠶ ᠪᠡᠶᠡᠯᠡᠭᠦᠯᠵᠦ᠂ ᠬᠢᠨᠠᠨ ᠰᠢᠯᠭᠠᠯᠲᠠ ᠶᠢ ᠤᠷᠤᠭᠰᠢᠲᠠᠶ ᠦᠩᠭᠡᠷᠡᠭᠦᠯᠪᠡ᠃ ᠲᠣᠰ ᠲᠥᠷᠥᠯ ᠵᠦᠢᠯ ᠪᠣᠯ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠤᠨ ᠡᠨᠧᠷᠭᠢ ᠨᠦᠬᠡᠴᠡᠯᠡᠬᠦ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠴᠡᠭ | ᠪᠠᠶᠢᠷᠢ ᠶᠢᠨ ᠭᠤᠤᠯᠳᠠᠯᠭ᠎ᠠ ᠲᠠᠢ ᠲᠤᠰᠬᠠᠶ ᠵᠦᠢᠯ ᠪᠣᠯᠤᠨ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ | ᠪᠦᠯᠦᠭᠯᠡᠯ ᠢᠶᠠᠷ ᠲᠦᠷᠦᠭᠦᠯᠡᠭᠦᠯᠦᠨ᠂ ᠬᠤᠸᠠᠢ ᠷᠧᠦ ᠲᠤᠷᠰᠢᠯᠲᠠ ᠶᠢᠨ ᠲᠠᠰᠤᠭ᠂ ᠬᠤᠸᠠᠪᠸᠢ ᠶᠢᠨ ᠴᠠᠬᠢᠯᠭᠠᠨ | ᠬᠦᠴᠦᠨ ᠤ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠳᠠᠪᠠᠭᠤᠯᠢᠭ ᠬᠦᠴᠦᠨ ᠪᠦᠬᠦᠢ 14 ᠶᠡᠭᠡ | ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ᠂ ᠠᠵᠤ ᠠᠬᠤᠶᠢᠯᠠᠯ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠳᠠᠪᠠᠭᠤᠯᠢᠭ ᠬᠦᠴᠦᠨ ᠲᠠᠢ ᠬᠠᠮᠲᠤᠷᠠᠨ ᠬᠡᠷᠡᠭᠵᠢᠭᠦᠯᠦᠨ᠎ᠡ᠃ ᠲᠤᠰᠬᠠᠶ ᠮᠡᠷᠭᠡᠵᠢᠯᠲᠡᠨ ᠤ ᠰᠤᠳᠤᠯᠤᠨ | ᠮᠠᠭᠠᠳᠯᠠᠯᠲᠠ ᠪᠠᠷ ᠳᠡᠮᠵᠢᠨ᠂ ᠮᠡᠷᠭᠡᠵᠢᠯ ᠤᠨ ᠰᠤᠳᠤᠯᠤᠨ ᠨᠡᠭᠡᠭᠡᠬᠦ ᠪᠦᠯᠬᠦᠮ ᠶᠡᠭᠡ ᠬᠡᠪᠴᠢᠶᠡᠨ ᠤ ᠥᠷᠭᠡᠨ | ᠬᠡᠪᠴᠢᠶᠡᠨ ᠤ ᠣᠯᠠᠨ ᠲᠥᠷᠥᠯ ᠬᠡᠯᠪᠡᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠢ | ᠭᠠᠳᠠᠭᠰᠢ ᠬᠦᠷᠭᠡᠬᠦ ᠬᠡᠷᠡᠭᠴᠡᠭᠡ ᠳᠤ ᠴᠢᠭᠯᠡᠭᠦᠯᠦᠨ᠂ ᠣᠨᠴᠠ ᠥᠨᠳᠥᠷ ᠬᠦᠴᠦᠳᠡᠯᠲᠦ ᠣᠯᠠᠨ ᠦᠵᠦᠭᠦᠷᠲᠦ | ᠲᠣᠭᠲᠠᠮᠠᠯ ᠭᠦᠶᠦᠳᠡᠯᠲᠦ ᠰᠢᠰᠲ᠋ᠧᠮ ᠤᠨ ᠲᠣᠫᠤᠯᠤᠬᠢ ᠶᠢᠨ ᠪᠠᠶᠢᠭᠤᠯᠤᠯᠲᠠ ᠶᠢᠨ ᠣᠨᠣᠯ ᠤᠨ ᠲᠣᠭᠲᠠᠯᠴᠠᠭ᠎ᠠ ᠶᠢ | ᠭᠦᠨᠵᠡᠭᠡᠶ ᠰᠤᠳᠤᠯᠵᠤ᠂ ᠭᠤᠣᠯ ᠤᠳᠠᠰᠦ ᠵᠠᠯᠭᠠᠬᠤ ᠱᠤᠭᠤᠮ ᠤᠨ ᠵᠢᠷᠤᠭ ᠲᠥᠯᠥᠪᠯᠡᠭᠡ᠂ ᠭᠤᠤᠯ ᠪᠣᠴᠠᠯᠲᠠ ᠶᠢᠨ | ᠬᠡᠯᠬᠢᠶᠡᠨ ᠤ ᠫᠠᠷᠠᠮᠧᠳ᠋ᠷ ᠵᠢᠴᠢ ᠡᠵᠡᠮᠳᠡᠬᠦ ᠠᠷᠭ᠎ᠠ ᠪᠣᠳᠣᠯᠭ᠎ᠠ ᠶᠢ ᠰᠢᠯᠢᠳᠡᠭᠵᠢᠭᠦᠯᠬᠦ ᠵᠡᠷᠭᠡ ᠭᠤᠤᠯ ᠮᠡᠷᠭᠡᠵᠢᠯ ᠢ | ᠬᠠᠮᠤᠷᠤᠭᠰᠠᠨ ᠲᠤᠭᠲᠠᠮᠠᠯ ᠬᠦᠶᠦᠳᠡᠯᠲᠦ ᠲᠣᠫᠤᠯᠤᠬᠢ ᠶᠢᠨ ᠲᠦᠰᠦᠯ ᠢ ᠡᠮᠬᠢᠯᠡᠨ ᠨᠡᠶᠢᠯᠡᠭᠦᠯᠵᠦ ᠪᠦᠷᠢᠯᠳᠦᠭᠦᠯᠦᠨ᠎ᠡ᠃ | ᠡᠭᠦᠨ ᠤ ᠬᠠᠮᠲᠤ᠂ ᠲᠣᠰ ᠪᠦᠯᠬᠦᠮ ᠤᠨ ᠬᠢᠨ ᠪᠠᠰᠠ ᠲᠣᠭᠲᠠᠮᠠᠯ ᠭᠦᠶᠦᠳᠡᠯᠲᠦ ᠴᠠᠬᠢᠯᠭᠠᠨ ᠬᠦᠷᠭᠡᠬᠦ ᠱᠤᠭᠤᠮ ᠤᠨ | ᠵᠢᠯ ᠳᠤ ᠠᠰᠢᠭᠯᠠᠬᠤ ᠶᠢᠨ ᠴᠠᠭ ᠤᠨ ᠬᠡᠮᠵᠢᠶ᠎ᠡ ᠶᠢ 4500 ᠴᠠᠭ ᠠᠴᠠ ᠳᠤᠲᠠᠭᠤ ᠦᠭᠡᠢ ᠠᠰᠢᠭᠯᠠᠬᠤ ᠪᠠᠷ | ᠬᠢᠵᠠᠭᠠᠷᠯᠠᠯ ᠪᠣᠯᠭᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠥᠪᠡᠷᠮᠢᠴᠡ ᠴᠢᠨᠠᠷ ᠢ ᠭᠦᠢᠴᠡᠳ ᠪᠣᠳᠣᠯᠬᠢᠯᠠᠭᠰᠠᠨ | ᠰᠠᠭᠤᠷᠢᠨ ᠳᠡᠭᠡᠷ᠎ᠡ ᠣᠯᠠᠨ ᠲᠥᠷᠥᠯ ᠤᠨ ᠴᠠᠬᠢᠯᠭᠠᠨ ᠡᠭᠦᠰᠭᠡᠭᠴᠢ ᠶᠢᠨ ᠪᠠᠭᠲᠠᠭᠠᠮᠵᠢ ᠶᠢ ᠰᠢᠯᠢᠳᠡᠭᠵᠢᠭᠦᠯᠦᠨ | ᠲᠣᠬᠢᠷᠠᠭᠤᠯᠬᠤ ᠲᠥᠰᠦᠯ ᠢ ᠪᠦᠲᠦᠭᠡᠯᠴᠢ ᠪᠠᠷ ᠳᠤᠷᠠᠳᠤᠨ ᠭᠠᠷᠭᠠᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠠᠮᠤᠷ ᠲᠦᠪᠰᠢᠨ ᠨᠠᠶᠢᠳᠠᠪᠤᠷᠢᠲᠠᠶ ᠬᠡᠳᠦ ᠬᠤᠯᠠ ᠵᠠᠢ ᠠᠴᠠ | ᠬᠦᠷᠭᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ︶ |