ᠯᠢ ᠶᠦᠨ ᠫᠧᠩ᠂ ᠮᠠ ᠬᠠᠶ ᠪᠢᠨ ᠪᠡᠭᠡᠵᠢᠩ ᠤᠨ ᠮᠢ ᠶᠦᠨ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠢᠶᠠᠷ ᠲᠤᠰᠠᠯᠠᠬᠤ ᠬᠠᠮᠲᠤᠷᠠᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2024/12/25
    12 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠯᠢ ᠶᠦᠨ ᠫᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠬᠠᠶ ᠪᠢᠨ ᠨᠠᠷ ᠪᠡᠭᠡᠵᠢᠩ ᠤᠨ ᠮᠢ ᠶᠦᠨ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠢᠶᠠᠷ ᠲᠤᠰᠠᠯᠠᠬᠤ ᠬᠠᠮᠲᠤᠷᠠᠯᠴᠠᠭᠠᠨ ᠤ ᠠᠵᠢᠯ ᠢ ᠵᠣᠯᠭᠠᠭᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃    ᠮᠢ ᠶᠦᠨ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠶᠠᠩ ᠰᠢᠩ ᠾᠦᠢ᠂ ᠮᠢ ᠶᠦᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠤᠨ ᠳᠡᠳ᠋ ᠡᠷᠬᠢᠯᠡᠭᠴᠢ ᠶᠢᠨ ᠯᠢᠩ ᠯᠢᠩ ᠨᠡᠷ ᠪᠠᠷ᠎ᠠ ᠪᠣᠯᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠣᠰ ᠲᠣᠰ ᠤᠨ ᠬᠠᠮᠢᠶ᠎ᠠ ᠪᠥᠬᠦᠶ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠢᠴᠢᠶᠡᠯ ᠳᠠᠰᠬᠠᠯ ᠤᠨ ᠲᠥᠯᠥᠪᠯᠡᠭᠡ᠂ ᠵᠢᠭᠠᠨ ᠰᠤᠳᠤᠯᠤᠭᠴᠢᠳ ᠤᠨ ᠴᠢᠳᠠᠪᠤᠷᠢ ᠶᠢᠨ ᠳᠡᠭᠡᠭᠰᠢᠯᠡᠯᠲᠡ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠲᠤᠰᠬᠠᠶ ᠰᠡᠳᠦᠪᠲᠦ ᠪᠣᠯᠪᠠᠰᠤᠷᠠᠯ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ᠂ ᠰᠤᠷᠭᠠᠭᠤᠯᠢ ᠶᠢᠨ ᠬᠦᠷᠢᠶᠡᠨ ᠤ ᠬᠢᠴᠢᠶᠡᠯ ᠤᠨ ᠭᠠᠳᠠᠨᠠᠬᠢ ᠠᠵᠢᠯᠯᠠᠭ᠎ᠠ ᠵᠡᠷᠭᠡ ᠲᠠᠯ᠎ᠠ ᠪᠠᠷ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢ ᠵᠣᠯᠭᠠᠭᠤᠯᠬᠤ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠬᠤ ᠲᠤᠬᠠᠶ ᠰᠠᠨᠠᠯ ᠢᠶᠠᠨ ᠰᠣᠯᠢᠯᠴᠠᠪᠠ᠃    ᠮᠢ ᠶᠦᠨ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠠᠴᠠ ᠳᠠᠪᠠᠭᠤᠯᠢᠭ ᠢᠶᠠᠨ ᠪᠠᠳᠠᠷᠠᠭᠤᠯᠵᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠬᠦ᠂ ᠨᠠᠷᠢᠯᠢᠬᠵᠢᠭᠤᠯᠬᠤ᠂ ᠪᠣᠳᠠᠲᠠᠶᠢᠵᠢᠭᠤᠯᠬᠤ ᠶᠢ  ᠬᠦᠴᠦᠯᠡᠨ ᠠᠬᠢᠭᠤᠯᠤᠨ᠎ᠠ ᠭᠡᠵᠦ  ᠢᠯᠡᠳᠬᠡᠪᠡ᠃ ᠰᠣᠯᠢᠯᠴᠠᠭ᠎ᠠ  ᠳᠠᠭᠤᠰᠤᠭᠰᠠᠨ ᠤ  ᠳᠠᠷᠠᠭ᠎ᠠ᠂  ᠯᠢ ᠶᠦᠨ ᠫᠧᠩ  ᠨᠠᠷ ᠮᠢ ᠶᠦᠨ  ᠲᠣᠭᠤᠷᠢᠭ ᠤᠨ  ᠲᠠᠪᠤᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠲᠠᠨ ᠶᠢᠩ ᠮᠠᠨᠵᠤ ᠦᠨᠳᠦᠰᠦᠲᠡᠨ ᠮᠣᠩᠭᠤᠯ ᠦᠨᠳᠦᠰᠦᠲᠡᠨ ᠤ ᠰᠢᠶᠠᠩ ᠤᠨ ᠭᠤᠣᠯ ᠪᠠᠭ᠎ᠠ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠣᠷᠳᠣᠨ ᠳᠤ ᠰᠢᠨᠵᠢᠯᠡᠨ ᠪᠠᠶᠢᠴᠠᠭᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号