12 ᠰᠠᠷ᠎ᠠ ᠶᠢᠨ 24 ᠤ ᠡᠳᠦᠷ᠂ ᠪᠥᠬᠦ ᠬᠤᠰᠢᠭᠤᠨ ᠤ ︽ᠣᠯᠠᠨ ᠲᠠᠯ᠎ᠠ ᠶᠢ ᠠᠭᠤᠰᠤᠯᠴᠠᠭᠤᠯᠤᠨ | ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ | ᠪᠥᠬᠦ ᠬᠦᠴᠦᠨ ᠢᠶᠠᠷ ᠢᠶᠠᠨ ᠴᠣᠭᠴᠠᠯᠠᠬᠤ︾ ᠲᠤᠬᠠᠶ ᠶᠢᠨ ᠲᠠᠯᠠᠪᠠᠢ ᠬᠤᠷᠠᠯ ᠵᠢᠴᠢ 2024 ᠣᠨ ᠤ ︽ᠵᠠᠷᠭᠤ | ᠦᠭᠡᠢ ᠰᠤᠷᠪᠤᠯᠵᠢᠯᠠᠭ᠎ᠠ ᠥᠬᠡᠶ︾ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠵᠠᠩ ᠬᠠᠨ ᠰᠥᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠵᠠᠩ ᠬᠠᠨ ᠰᠦᠩ ᠱᠠᠭᠠᠷᠳᠠᠭᠰᠠᠨ ᠨᠢ᠂ ︽ᠵᠠᠷᠭᠤ ᠦᠭᠡᠢ ᠰᠤᠷᠪᠤᠯᠵᠢᠯᠠᠭ᠎ᠠ ᠥᠬᠡᠶ︾ | ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠮᠥᠨ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠵᠠᠩᠭᠢᠯᠠᠭ᠎ᠠ ᠶᠢᠨ | ᠠᠷᠭ᠎ᠠ ᠮᠥᠨ᠃ ᠡᠯ᠎ᠡ ᠰᠠᠯᠠᠭ᠎ᠠ ᠮᠥᠴᠢᠷ ᠨᠢᠭᠡᠴᠢ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ︽ᠵᠠᠷᠭᠤ ᠦᠭᠡᠢ ᠰᠤᠷᠪᠤᠯᠵᠢᠯᠠᠭ᠎ᠠ ᠥᠬᠡᠶ︾ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠪᠠ | ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠨᠠᠷᠢᠯᠢᠭ ᠬᠡᠷᠡᠭᠵᠢᠭᠦᠯᠵᠦ ᠪᠣᠯᠬᠤᠶᠢᠴᠠ ᠠᠬᠢᠭᠤᠯᠬᠤ ᠲᠥᠯᠥᠪᠯᠡᠭᠡ ᠶᠢ | ᠲᠣᠭᠲᠠᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ | ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ ᠰᠢᠶᠠᠨᠵᠢᠨ ᠰᠤᠮᠤ᠂ ᠮᠠᠩᠬᠠᠨ ᠰᠤᠮᠤ᠂ ᠺᠸᠤ ᠾᠧᠽᠢ ᠪᠠᠯᠭᠠᠰᠤᠨ ᠤ ᠨᠠᠮ ᠤᠨ ᠬᠤᠷᠢᠶ᠎ᠠ᠂ | ᠰᠢᠶᠠᠨᠵᠢᠨ ᠰᠤᠮᠤ ᠶᠢᠨ ᠵᠠᠭᠤ ᠬᠠᠶᠢᠯᠠᠰᠤ ᠭᠠᠴᠠᠭ᠎ᠠ᠂ ᠱᠠᠨ ᠱᠦᠢ ᠷᠧᠨ ᠵᠢᠶᠠ ᠨᠡᠶᠢᠭᠡᠮ ᠲᠣᠭᠤᠷᠢᠭ ᠠᠴᠠ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠲᠤᠬᠠᠶ ᠲᠤᠷᠰᠢᠯᠭ᠎ᠠ ᠪᠠᠨ ᠰᠣᠯᠢᠯᠴᠠᠪᠠ︔ | ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ | ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ ᠠᠴᠠ ᠪᠥᠬᠦ ᠬᠤᠰᠢᠭᠤᠨ ᠤ ︽ᠬᠤᠶᠠᠷ ᠢ ᠪᠠᠶᠢᠭᠤᠯᠬᠤ︾ ᠠᠵᠢᠯ ᠢ ᠥᠷᠨᠢᠭᠦᠯᠦᠭᠰᠡᠨ | ᠪᠠᠶᠢᠳᠠᠯ ᠢ ᠵᠠᠷᠯᠠᠨ ᠮᠡᠳᠡᠭᠳᠡᠪᠡ︔ ︽ᠤᠳᠬ᠎ᠠ ᠵᠣᠬᠢᠶᠠᠯ ᠤᠷᠠᠨ ᠵᠢᠷᠤᠭ ᠢᠶᠠᠷ ᠬᠤᠶᠠᠷ ᠢ ᠪᠠᠶᠢᠭᠤᠯᠬᠤ ᠶᠢ ᠵᠢᠷᠤᠭᠯᠠᠨ | ᠠᠷᠠᠳ ᠤᠨ ᠡᠶᠡᠳᠡᠭᠦᠯᠭᠡ ᠪᠠᠷ ᠡᠶ᠎ᠡ ᠵᠣᠬᠢᠴᠠᠯ ᠢ ᠠᠬᠢᠭᠤᠯᠬᠤ︾ ᠤᠷᠠᠨ ᠪᠢᠴᠢᠯᠭᠡ᠂ ᠤᠷᠠᠨ ᠵᠢᠷᠤᠭ ᠤᠨ | ᠤᠷᠤᠯᠳᠤᠭᠠᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠬᠦᠷᠲᠡᠭᠴᠢ ᠪᠠ ᠬᠤᠰᠢᠭᠤᠨ ᠤ | ᠲᠠᠰ ᠤᠨ ︽ᠵᠠᠷᠭᠤ ᠦᠭᠡᠢ ᠰᠤᠷᠪᠤᠯᠵᠢᠯᠠᠭ᠎ᠠ ᠥᠬᠡᠶ︾ ᠨᠡᠶᠢᠲᠡᠯᠢᠭ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶᠂ ︽ᠵᠠᠷᠭᠤ ᠦᠭᠡᠢ ᠰᠤᠷᠪᠤᠯᠵᠢᠯᠠᠭ᠎ᠠ ᠥᠬᠡᠶ︾ ᠲᠣᠪᠤᠶᠢᠮ᠎ᠠ ᠲᠡᠷᠢᠭᠦᠨ ᠤ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶᠂ ︽ᠵᠠᠷᠭᠤ ᠥᠬᠡᠶ ᠰᠤᠷᠪᠤᠯᠵᠢᠯᠠᠭ᠎ᠠ ᠥᠬᠡᠶ︾ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠳᠤ ᠱᠠᠩᠨᠠᠯ ᠣᠯᠭᠤᠵᠤ᠂ ᠫᠠᠶᠢᠰᠠ ᠣᠯᠭᠤᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠰᠢᠶᠠᠨᠵᠢᠨ ᠰᠤᠮᠤ ᠶᠢᠨ ᠫᠠᠶᠢᠯᠤᠤᠷ ᠭᠠᠴᠠᠭ᠎ᠠ᠂ | ᠬᠦᠷᠢᠶᠡᠲᠦ ᠭᠠᠴᠠᠭ᠎ᠠ᠂ ᠵᠠᠭᠤ ᠬᠠᠶᠢᠯᠠᠰᠤ ᠭᠠᠴᠠᠭ᠎ᠠ᠂ ᠰᠢᠶᠠᠨᠵᠢᠨ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠵᠡᠷᠭᠡ | ᠭᠠᠵᠠᠷ ᠲᠤ ᠭᠦᠨᠵᠡᠭᠡᠶᠢᠷᠡᠵᠦ᠂ ︽ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ︾ ᠲᠦᠷᠪᠡᠨ ᠦᠰᠦᠭ ᠤᠨ | ᠠᠵᠢᠯ ᠤᠨ ᠠᠷᠭ᠎ᠠ᠂ ︽1+ 3 +5︾ ᠤᠯᠠᠨ ᠲᠠᠯ᠎ᠠ ᠶᠢ ᠠᠭᠤᠰᠤᠯᠴᠠᠭᠤᠯᠤᠨ ᠬᠠᠮᠲᠤᠪᠠᠷ ᠵᠠᠰᠠᠬᠤ | ᠲᠣᠭᠲᠠᠴᠠ᠂ ︽4+ 2︾ ᠵᠠᠰᠠᠭ ᠤᠨ ᠶᠠᠪᠤᠳᠠᠯ ᠤᠨ ᠪᠢᠴᠢᠯ ᠦᠢᠯᠡᠴᠢᠯᠡᠭᠡᠨ ᠤ ᠠᠵᠢᠯ ᠤᠨ ᠲᠣᠭᠲᠠᠴᠠ᠂ ︽ | 1+ N︾ ᠵᠠᠰᠠᠯᠲᠠ ᠶᠢᠨ ᠵᠠᠭᠪᠤᠷ ᠵᠡᠷᠭᠡ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ | ᠠᠷᠭ᠎ᠠ ᠬᠢᠳᠡᠯ ᠪᠣᠯᠤᠨ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠶᠢ ᠲᠤᠬᠠᠢ ᠶᠢᠨ ᠭᠠᠵᠠᠷ ᠲᠤᠨᠢ ᠲᠣᠭᠤᠷᠢᠨ | ᠦᠵᠡᠭᠰᠡᠨ ᠪᠥᠭᠡᠳ ᠲᠣᠰᠬᠤᠨ ᠤ ᠠᠷᠠᠳ ᠤᠨ ᠥᠪᠡᠰᠦᠪᠡᠨ ᠵᠣᠬᠢᠶᠠᠨ ᠪᠦᠲᠦᠭᠡᠭᠰᠡᠨ ︽ᠬᠤᠶᠠᠷ ᠢ ᠪᠠᠶᠢᠭᠤᠯᠬᠤ︾ | ᠠᠷᠪᠠᠨ ᠳᠣᠯᠤᠭᠠᠨ ᠦᠰᠦᠭᠲᠦ ᠰᠢᠯᠦᠭ ᠵᠡᠷᠭᠡ ᠲᠣᠭᠯᠠᠯᠲᠠ ᠶᠢ ᠲᠤᠬᠠᠢ ᠶᠢᠨ ᠭᠠᠵᠠᠷ ᠲᠤᠨᠢ ᠰᠣᠨᠢᠷᠬᠠᠪᠠ᠃ | | | |