ᠡᠨᠡ ᠵᠢᠯ ᠠᠴᠠ ᠨᠠᠭᠠᠰᠢ᠂ ᠮᠠᠨ ᠤ ᠣᠷᠣᠨ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ | ᠵᠠᠭᠤᠴᠢᠯᠠᠭᠤᠷ ᠤᠨ ᠬᠤᠯᠪᠣᠭ᠎ᠠ ᠳᠤ ᠨᠡᠶᠢᠲᠡ 28 ᠬᠤᠪᠢ ᠦᠵᠡᠵᠦ ᠰᠣᠨᠣᠰᠬᠤ ᠪᠦᠲᠦᠭᠡᠯ ᠢ ᠳᠡᠪᠰᠢᠭᠦᠯᠦᠨ | ᠨᠡᠶᠢᠲᠡᠯᠡᠭᠦᠯᠵᠦ᠂ ᠪᠥᠬᠦ ᠰᠦᠯᠵᠢᠶ᠎ᠡ ᠪᠠᠷ ᠳᠡᠪᠰᠢᠭᠦᠯᠦᠭᠰᠡᠨ ᠬᠡᠮᠵᠢᠶ᠎ᠡ ᠨᠢ 3.17 ᠲᠥᠮᠡᠨ ᠵᠣᠷᠪᠣᠰ ᠲᠤ ᠬᠦᠷᠴᠦ᠂ | ᠬᠠᠶᠢᠯᠲᠠ ᠶᠢᠨ ᠬᠡᠮᠵᠢᠶ᠎ᠡ ᠨᠢ 6.51 ᠳ᠋ᠦᠩᠰᠢᠭᠤᠷ ᠤᠳᠠᠭ᠎ᠠ ᠳᠤ ᠬᠦᠷᠪᠡ᠂ ︽ᠤᠮᠠᠷᠠᠲᠤ ᠬᠢᠯᠢ ᠶᠢᠨ ᠬᠠᠩᠭᠢᠨᠠᠮ᠎ᠠ | ᠳᠠᠭᠤᠤ︾ ︽ᠪᠠᠷᠠᠭᠤᠨᠰᠢ ᠪᠣᠭᠤᠮᠲᠠ ᠪᠠᠷ ᠭᠠᠷᠤᠭᠰᠠᠨ ᠪᠠ ᠬᠥᠬᠡᠬᠤᠲᠠ︾ ᠵᠡᠷᠭᠡ ᠪᠦᠲᠦᠭᠡᠯ ᠢ ᠷᠠᠳᠢᠣ᠋ ᠲᠧᠯᠸᠢᠰ ᠤᠨ | ᠶᠡᠷᠦᠩᠬᠡᠶ ᠲᠣᠪᠴᠢᠶᠠᠨ ᠤ ︽ᠳᠤᠮᠳᠠᠳᠤ ᠤᠯᠤᠰ ᠢ ᠦᠵᠡᠵᠦ ᠰᠣᠨᠣᠰᠬᠤ︾ ᠲᠠᠪᠴᠠᠩ ᠳᠤ ᠨᠡᠶᠢᠲᠡ 30 ᠭᠠᠷᠤᠶ | ᠳ᠋ᠦᠩᠰᠢᠭᠤᠷ ᠤᠳᠠᠭ᠎ᠠ ᠨᠡᠪᠲᠡᠷᠡᠭᠦᠯᠪᠡ᠃ ᠮᠠᠨ ᠤ ᠣᠷᠣᠨ ᠤ ᠨᠡᠪᠴᠢᠭᠦᠯᠦᠨ ᠵᠣᠬᠢᠶᠠᠨ ᠪᠦᠲᠦᠭᠡᠭᠰᠡᠨ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡᠨ ᠤ ᠪᠦᠲᠦᠭᠡᠯ ᠪᠣᠯᠬᠤ ︽ᠤᠯᠤᠰ ᠭᠦᠷᠦᠨ ᠠᠮᠤᠷ ᠲᠠᠶᠢᠪᠤᠩ ᠪᠣᠯ ᠬᠦᠮᠦᠨ ᠠᠷᠠᠳ | ᠠᠮᠤᠷ ᠠᠮᠤᠭᠤᠯᠠᠩ︾ ᠭᠡᠬᠦ ᠪᠦᠲᠦᠭᠡᠯ ᠨᠢ 31 ᠳ᠋ᠦ᠋ᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ | ᠤᠯᠤᠰ ᠤᠨ ᠵᠠᠷ ᠮᠡᠳᠡᠭᠡᠨ ᠤ ᠨᠠᠶᠢᠷ ᠲᠤ ᠬᠠᠲᠤᠨ ᠭᠤᠤᠯ ᠱᠠᠩᠨᠠᠯ ᠢ ᠭᠥᠷᠳᠡᠪᠡ︔ ︽ᠠᠪᠤ ᠡᠵᠢ ᠶᠢᠨ ᠨᠤᠲᠤᠭ | ᠤᠰᠤᠨ︾ ᠭᠡᠬᠦ ᠲᠧᠯᠸᠢᠰ ᠵᠦᠴᠦᠭᠡ ᠨᠢ 34 ᠳ᠋ᠣᠭᠡᠷ ᠬᠤᠭᠤᠴᠠᠭᠠᠨ ᠤ ᠳᠤᠮᠳᠠᠳᠤ ᠤᠯᠤᠰ ᠤᠨ ᠲᠧᠯᠸᠢᠰ | ᠵᠦᠴᠦᠭᠡ ᠶᠢᠨ ︽ᠹᠸᠢ ᠲᠢᠶᠠᠨ ᠱᠠᠩᠨᠠᠯ︾ ᠤᠨ ᠰᠢᠯᠢᠳᠡᠭ ᠲᠧᠯᠸᠢᠰ ᠵᠦᠴᠦᠭᠡ ᠪᠠᠷ ᠨᠡᠷ᠎ᠡ ᠳᠤᠷᠠᠳᠤᠭᠳᠠᠵᠤ᠂ ︽ | ᠣᠷᠳᠣ ᠴᠠᠭᠠᠨ ᠬᠡᠷᠡᠮ︾ ︵ᠨᠢᠭᠡᠳᠦᠭᠡᠷ ᠤᠯᠠᠷᠢᠯ︶ 28 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠲᠧᠯᠸᠢᠰ | ᠤᠳᠬ᠎ᠠ ᠤᠷᠠᠯᠢᠭ ᠤᠨ ︽ᠰᠢᠩ ᠭᠤᠸᠠᠩ ᠱᠠᠩᠨᠠᠯ︾ ᠤᠨ ᠨᠡᠷ᠎ᠡ ᠳᠤᠷᠠᠳᠤᠭᠳᠠᠭᠰᠠᠨ ᠪᠦᠲᠦᠭᠡᠯ ᠤᠨ ᠢᠷᠠᠭᠤ | ᠠᠯᠳᠠᠷ ᠢ ᠭᠥᠷᠳᠡᠪᠡ᠃ ︵ᠷᠠᠳᠢᠣ᠋ ᠲᠧᠯᠸᠢᠰ ᠤᠨ ᠲᠣᠪᠴᠢᠶ᠎ᠠ︶ |