ᠤᠮᠠᠷᠠᠲᠤ ᠬᠢᠯᠢ ᠶᠢᠨ ᠬᠥᠮᠥᠷᠭᠡ ᠳᠦᠭᠦᠷᠡᠩ ᠠᠮᠤ ᠪᠤᠳᠠᠭ᠎ᠠ ᠬᠠᠳᠠᠭᠠᠯᠠᠬᠤ ᠢᠲᠡᠭᠡᠯ ᠵᠣᠷᠢᠭ ᠲᠡᠭᠦᠯᠳᠡᠷ ᠪᠠᠶᠢᠨ᠎ᠠ
ᠨᠡᠶᠢᠲᠡᠯᠡᠭᠰᠡᠨ ᠴᠠᠭ᠄
2024/12/25
    ᠪᠤᠯᠤᠩ ᠨᠡᠭᠡᠭᠡᠬᠦ ᠦᠭᠡ    ᠴᠠᠭ ᠤᠨ ᠬᠦᠷᠳᠦ ᠡᠷᠭᠢᠯᠳᠦᠨ ᠤᠷᠤᠭᠰᠢᠯᠠᠵᠤ᠂ ᠪᠢᠳᠡᠨ ᠤ ᠦᠢᠯᠡᠰ ᠥᠭᠡᠳᠡᠯᠡᠨ ᠳᠠᠪᠰᠢᠨ᠎ᠠ᠃ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃    ᠡᠨᠡ ᠨᠢᠭᠡ ᠵᠢᠯ ᠳᠤ᠂ ᠥᠪᠥᠷ ᠮᠣᠩᠭᠤᠯ ︽ᠯᠠᠪᠳᠠᠭᠤᠨ ᠪᠠᠲᠤᠲᠠᠢ ᠠᠵᠢᠯᠯᠠᠬᠤ︾ ᠬᠠᠳᠠᠨ ᠵᠣᠷᠢᠭ ᠪᠠ ︽ᠳᠠᠪᠠᠭ᠎ᠠ ᠳᠠᠪᠠᠨ ᠥᠨᠳᠥᠷ ᠲᠤ ᠭᠠᠷᠬᠤ︾ ᠰᠥᠰᠥ ᠵᠣᠷᠢᠭ ᠢ ᠡᠪᠦᠷᠯᠡᠨ᠂ ︽ᠲᠡᠮᠡᠴᠡᠬᠦ︾ ᠵᠣᠷᠢᠭ ᠰᠠᠨᠠᠭ᠎ᠠ᠂ ︽ᠭᠠᠪᠰᠢᠭᠠᠶᠢᠯᠠᠬᠤ︾ ᠡᠷᠴᠢ ᠵᠣᠷᠢᠭ ᠢᠶᠠᠷ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠳᠡᠪᠰᠢᠨ ᠤᠷᠤᠭᠰᠢᠯᠠᠬᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠪᠠ᠃    ᠡᠨᠡ ᠨᠢᠭᠡ ᠵᠢᠯ ᠳᠤ᠂ ᠥᠪᠥᠷ ᠮᠣᠩᠭᠤᠯ ᠵᠣᠷᠢᠭᠲᠠᠢ ᠪᠠᠷ ᠰᠢᠨ᠎ᠡ ᠶᠢ ᠡᠭᠦᠳᠬᠦ ᠰᠥᠰᠥ ᠵᠣᠷᠢᠭ᠂ ᠵᠣᠷᠢᠭᠲᠠᠢ ᠪᠠᠷ ᠲᠦᠷᠦᠭᠦᠯᠡᠨ ᠬᠢᠬᠦ ᠣᠮᠤᠭ ᠵᠣᠷᠢᠭ᠂ ᠥᠭᠡᠳᠡᠯᠡᠨ ᠳᠠᠪᠰᠢᠬᠤ ᠴᠤᠭ ᠵᠢᠪᠬᠤᠭ᠎ᠠ ᠪᠠᠨ ᠪᠠᠳᠠᠷᠠᠭᠤᠯᠤᠨ᠂ ᠪᠠᠲᠤ ᠢᠲᠡᠭᠡᠯ ᠲᠠᠢ ᠪᠠᠷ ᠡᠷᠡᠯᠬᠡᠭᠯᠡᠨ ᠤᠷᠤᠭᠰᠢᠯᠠᠵᠤ᠂ ᠨᠠᠮ ᠪᠠ ᠤᠯᠤᠰ ᠠᠴᠠ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠪᠠ︕    ᠥᠪᠥᠷ ᠮᠣᠩᠭᠤᠯ ᠤᠨ ᠡᠳᠦᠷ ᠤᠨ ᠰᠣᠨᠢᠨ · ᠲᠠᠯ᠎ᠠ ᠨᠤᠲᠤᠭ ᠤᠨ ᠡᠭᠦᠯᠡ ᠬᠡᠮᠡᠬᠦ ᠪᠣᠯᠣᠩ ᠳᠤ ︽2024᠂ ᠲᠣᠭᠠᠨ ᠤ ᠢᠳᠡ ᠬᠦᠴᠦᠨ︾ ᠭᠡᠬᠦ ᠰᠢᠷᠢᠰ ᠮᠡᠳᠡᠭᠡᠯᠡᠯ ᠢ ᠣᠨᠴᠠᠭᠠᠶᠢᠯᠠᠨ ᠨᠡᠶᠢᠲᠡᠯᠡᠨ᠎ᠠ᠃ ᠭᠢᠯᠠᠯᠵᠠᠮ᠎ᠠ ᠠᠮᠵᠢᠯᠲᠠ ᠶᠢᠨ ᠲᠤᠭ᠎ᠠ ᠪᠠᠷᠢᠮᠲᠠ ᠨᠤᠭᠤᠳ ᠨᠢ ᠥᠪᠥᠷ ᠮᠣᠩᠭᠤᠯ ᠤᠨ ᠨᠢᠭᠡ ᠵᠢᠯ ᠤᠨ ᠲᠤᠷᠰᠢᠬᠢ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠭᠰᠠᠨ ᠢᠳᠡᠷᠡᠭᠦᠨ ᠠᠯᠬᠤᠭ᠎ᠠ ᠶᠢ ᠲᠡᠮᠳᠡᠭᠯᠡᠵᠦ᠂ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠥᠷᠨᠢᠭᠦᠨ ᠪᠠᠳᠠᠷᠠᠩᠭᠤᠢ ᠬᠦᠴᠦᠨ ᠴᠢᠳᠠᠯ ᠢ ᠬᠠᠷᠠᠭᠤᠯᠪᠠ᠃    ᠰᠢᠯᠵᠢᠭᠦᠯᠦᠨ ᠣᠷᠣᠭᠤᠯᠬᠤ ᠣᠷᠣᠨ ᠪᠠᠶᠢᠭᠰᠠᠨ ᠠᠴᠠ ᠰᠢᠯᠵᠢᠭᠦᠯᠦᠨ ᠭᠠᠷᠭᠠᠬᠤ ᠣᠷᠣᠨ ᠪᠣᠯᠵᠤ᠂ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠲᠤᠵᠢ ᠳᠡᠭᠡᠭᠰᠢᠯᠡᠪᠡ    2024 ᠣᠨ ᠳᠤ ᠥᠪᠥᠷ ᠮᠣᠩᠭᠤᠯ ᠤᠨ ᠠᠮᠤ ᠪᠤᠳᠠᠭᠠᠨ ᠤ ᠶᠡᠷᠦᠩᠬᠡᠢ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠩᠬ᠎ᠠ ᠤᠳᠠᠭ᠎ᠠ 800 ᠳ᠋ᠦᠩᠰᠢᠭᠤᠷ ᠵᠢᠩ ᠤᠨ ᠳᠡᠭᠲᠡᠷ ᠲᠤ ᠭᠠᠷᠴᠦ᠂ ︽ᠳᠤᠮᠳᠠᠳᠤ ᠤᠯᠤᠰ ᠤᠨ ᠠᠶᠠᠭᠠᠨ︾ ᠳᠣᠲᠣᠷᠠᠬᠢ ︽ᠥᠪᠥᠷ ᠮᠣᠩᠭᠤᠯ ᠤᠨ ᠠᠮᠤ ᠪᠤᠳᠠᠭ᠎ᠠ︾ ᠨᠡᠩ ᠬᠦᠨᠳᠦ ᠴᠢᠬᠤᠯᠠ ᠨᠡᠩ ᠪᠢᠯᠬᠠᠮ᠎ᠠ ᠳᠦᠭᠦᠷᠡᠩ ᠪᠣᠯᠪᠠ᠃    ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠴᠢᠩᠭ᠎ᠠ ᠠᠳᠬᠤᠬᠤ ᠨᠢ ᠥᠪᠥᠷ ᠮᠣᠩᠭᠤᠯ ᠤᠨ ᠪᠣᠳᠠᠲᠤ ᠬᠦᠴᠦᠨ ᠮᠦᠨ ᠪᠦᠭᠡᠳ ᠨᠡᠩ ᠴᠤ ᠥᠪᠥᠷ ᠮᠣᠩᠭᠤᠯ ᠤᠨ ᠡᠭᠦᠷᠭᠡ ᠬᠠᠷᠢᠭᠤᠴᠠᠯᠭ᠎ᠠ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号