12 ᠰᠠᠷ᠎ᠠ ᠶᠢᠨ 24 ᠤ ᠡᠳᠦᠷ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠭᠢᠷᠢᠨ | ᠮᠤᠵᠢ ᠶᠢᠨ ᠾᠦᠢ ᠴᠢᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠶᠠᠨᠬᠤᠸᠠ | ᠪᠠᠯᠭᠠᠰᠤᠨ ᠳᠤ ᠬᠦᠷᠴᠦ ᠬᠥᠷᠥᠰᠥ ᠰᠢᠷᠣᠢ ᠶᠢ ᠰᠤᠯᠠᠯᠠᠵᠤ ᠤᠰᠤ ᠬᠠᠳᠠᠭᠠᠯᠠᠬᠤ᠂ ᠬᠠᠲᠠᠭᠤ ᠪᠤᠷᠳᠤᠭᠤᠷ ᠤᠨ | ᠳᠤᠯᠠᠭᠠᠨ ᠢ ᠲᠣᠬᠢᠷᠠᠭᠤᠯᠬᠤ ᠮᠡᠷᠭᠡᠵᠢᠯ ᠤᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠰᠢᠨᠵᠢᠯᠡᠨ ᠪᠠᠶᠢᠴᠠᠭᠠᠪᠡ᠃ | ᠬᠤᠷᠠᠯ ᠳᠡᠭᠡᠷ᠎ᠡ᠂ ᠪᠠᠶᠠᠨᠬᠤᠸᠠ ᠪᠠᠯᠭᠠᠰᠤᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ᠂ ᠲᠠᠷᠢᠶᠠᠯᠠᠩ ᠤᠨ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠡᠯᠡ ᠣᠷᠣᠭᠤᠯᠤᠯᠲᠠ ᠶᠢᠨ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠵᠡᠷᠭᠡ ᠶᠢ ᠨᠠᠷᠢᠨ ᠲᠠᠨᠢᠯᠴᠠᠭᠤᠯᠬᠤ ᠶᠢᠨ ᠬᠠᠮᠲᠤ ᠲᠠᠷᠢᠶᠠᠯᠠᠩ ᠤᠨ ᠦᠢᠯᠡᠳᠪᠦᠷᠢᠯᠡᠯ ᠤᠨ ᠪᠦᠬᠦ | ᠶᠠᠪᠤᠴᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠬᠥᠭᠵᠢᠭᠦᠯᠬᠦ ᠲᠤᠬᠠᠢ ᠭᠦᠨᠵᠡᠭᠡᠢ ᠰᠤᠳᠤᠯᠤᠨ | ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠳᠡᠮᠵᠢᠨ᠂ | ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | | | |