ᠪᠦᠬᠦ ᠬᠤᠰᠢᠭᠤᠨ ᠤ ᠠᠬᠠᠮᠠᠳ ᠺᠠᠳ᠋ᠷᠴᠤᠳ ᠤᠨ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/26
    12 ᠰᠠᠷ᠎ᠠ ᠶᠢᠨ 25 ᠤ ᠡᠳᠦᠷ᠂ ᠪᠦᠬᠦ ᠬᠤᠰᠢᠭᠤᠨ ᠤ ᠠᠬᠠᠮᠠᠳ ᠺᠠᠳ᠋ᠷᠴᠤᠳ ᠤᠨ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠸᠧᠶ ᠬᠤᠷᠠᠯ ᠳᠤ ᠣᠷᠣᠯᠴᠠᠵᠠᠶ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠭᠠᠩ ᠡᠷᠭᠢᠯᠡᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠦᠷᠢᠶ᠎ᠡ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠳᠠᠷᠤᠯᠲᠠ ᠪᠠ ᠬᠦᠴᠦᠨ ᠢᠶᠠᠨ ᠨᠡᠮᠡᠭᠳᠡᠭᠦᠯᠦᠨ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ ᠨᠢᠭᠡ ᠪᠦᠯᠦᠭ ᠪᠣᠳᠠᠲᠤ ᠶᠠᠪᠤᠳᠠᠯ ᠢ ᠶᠡᠬᠡᠪᠡᠷ ᠲᠦᠯᠬᠢᠨ ᠠᠬᠢᠭᠤᠯᠵᠤ᠂ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠵᠤ᠂ ᠥᠭᠡᠷᠡᠴᠢᠯᠡᠯᠲᠡ ᠶᠢᠨ ᠭᠡᠷᠡᠯᠳᠦᠴᠡ ᠶᠢ ᠬᠠᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠨᠡᠶᠢᠭᠡᠮ ᠶᠡᠷᠦᠩᠬᠡᠶ ᠳᠡᠭᠡᠨ ᠲᠣᠭᠲᠠᠭᠤᠨ ᠪᠠᠶᠢᠬᠤ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ ᠥᠷᠭᠡᠨ ᠣᠯᠠᠨ ᠠᠬᠠᠮᠠᠳ ᠺᠠᠳ᠋ᠷᠴᠤᠳ ᠬᠦᠷᠢᠶ᠎ᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠣᠯ ᠬᠦᠷᠢᠶ᠎ᠡ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤᠲᠠᠭᠳᠠᠵᠤ ᠪᠣᠯᠤᠰᠢ ᠥᠬᠡᠶ ᠴᠢᠬᠤᠯᠠ ᠬᠦᠴᠦᠨ ᠮᠥᠨ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠠᠬᠠᠮᠠᠳ ᠺᠠᠳ᠋ᠷᠴᠤᠳ ᠤᠨ ᠳᠤᠷᠠᠳᠤᠭᠰᠠᠨ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠬᠠᠮᠠᠳ ᠺᠠᠳ᠋ᠷᠴᠤᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠦᠷᠢᠶ᠎ᠡ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠠᠬᠠᠮᠠᠳ ᠺᠠᠳ᠋ᠷᠴᠤᠳ ᠪᠣᠯ ᠬᠦᠷᠢᠶ᠎ᠡ ᠶᠢᠨ ᠬᠥᠭᠵᠢᠯᠲᠡ ᠶᠢᠨ ᠴᠢᠬᠤᠯᠠ ᠬᠦᠴᠦᠨ ᠪᠠ ᠡᠷᠬᠢᠮ ᠨᠠᠨᠳᠢᠨ ᠡᠳ᠋ ᠪᠠᠶᠠᠯᠢᠭ ᠮᠥᠨ᠃ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠦᠪᠡᠭᠴᠢᠯᠡᠬᠦ ᠵᠠᠩᠭᠢᠯᠠᠭ᠎ᠠ ᠶᠢᠨ ᠵᠢᠯ ᠮᠥᠨ᠃ ᠡᠯ᠎ᠡ ᠠᠬᠠᠮᠠᠳ ᠺᠠᠳ᠋ᠷᠴᠤᠳ ᠦᠷᠭᠦᠯᠵᠢᠯᠡᠨ ᠥᠭᠡᠷᠡᠴᠢᠯᠡᠯᠲᠡ ᠬᠥᠭᠵᠢᠯᠲᠡ ᠶᠢᠨ ︽ᠵᠦᠪᠯᠡᠭᠴᠢ︾᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠬᠤᠯᠪᠣᠭᠠᠴᠢᠨ︾᠂ ᠤᠯᠤᠰ ᠲᠥᠷᠥ ᠶᠢᠨ ᠠᠮᠢ ᠠᠬᠤᠶ ᠶᠢᠨ ︽ᠬᠢᠨᠠᠯᠲᠠ ᠲᠠᠯᠪᠢᠭᠴᠢ︾᠂ ᠨᠡᠶᠢᠭᠡᠮ ᠤᠨ ᠡᠶ᠎ᠡ ᠵᠣᠬᠢᠴᠠᠯ ᠤᠨ ︽ᠬᠠᠮᠠᠭᠠᠯᠠᠭᠴᠢ︾ ᠪᠣᠯᠵᠣ᠂ ᠦᠷᠭᠦᠯᠵᠢᠯᠡᠨ ᠣᠳᠣᠬᠢᠴᠢᠯᠠᠭᠰᠠᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃    ᠬᠤᠷᠠᠯ ᠳᠡᠭᠡᠷ᠎ᠡ᠂ ᠸᠠᠩ ᠸᠧᠶ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠪᠡ᠃    ᠬᠡᠰᠡᠭ ᠠᠬᠠᠮᠠᠳ ᠺᠠᠳ᠋ᠷ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号