ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ 122 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/26
    12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ 122 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ  ᠵᠣᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠪᠠ︔ ᠥᠪᠡᠷᠲᠡᠭᠡᠨ  ᠵᠠᠰᠠᠬᠤ  ᠣᠷᠣᠨ ᠤ ᠨᠠᠮ ᠤᠨ  ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾︔ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠᠶᠢᠳᠠᠯ ᠢ ᠲᠣᠳᠣᠷᠬᠠᠢ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠵᠢᠯ ᠤᠨ ᠰᠡᠭᠦᠯ ᠬᠤᠷᠢᠶᠠᠬᠤ ᠳᠠᠶᠢᠯᠠᠯᠳᠤᠭᠠᠨ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠷᠢᠶ᠎ᠡ ᠬᠤᠰᠢᠭᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ︔ ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 2024 ᠣᠨ ᠤ ᠨᠡᠶᠢᠭᠡᠮ ᠤᠨ ᠠᠵᠢᠯ ᠤᠨ ᠬᠡᠯᠲᠡᠰ ᠤᠨ ᠠᠵᠢᠯ ᠤᠨ ᠪᠠᠶᠢᠳᠠᠯ ᠢ ᠰᠣᠨᠣᠰᠴᠤ᠂ 2024 ᠣᠨ ᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ 2024 ᠣᠨ ᠤ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠵᠥᠪᠯᠡᠯ᠂ 2024 ᠣᠨ ᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠵᠢᠴᠢ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号