ᠬᠦᠷᠢᠶ᠎ᠡ ᠬᠤᠰᠢᠭᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ 781 ᠲᠦᠮᠡᠨ ᠲᠥᠭᠦᠷᠢᠭ ᠴᠢᠷᠮᠠᠶᠢᠨ ᠣᠯᠪᠠ
ᠨᠡᠶᠢᠲᠡᠯᠡᠭᠰᠡᠨ ᠴᠠᠭ᠄
2024/12/3
    ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ︾ ᠦᠢᠯᠡᠳᠦᠯ ᠢ ᠦᠨᠡᠨ ᠬᠦ ᠪᠠᠳᠠᠷᠠᠭᠤᠯᠵᠤ᠂ ᠪᠦᠯᠬᠦᠮᠳᠡᠯ ᠢᠶᠠᠷ ᠲᠣᠭᠲᠠᠭᠤᠨ ᠢ ᠠᠬᠢᠭᠤᠯᠵᠤ᠂ ᠲᠣᠭᠲᠠᠭᠤᠨ ᠢᠶᠠᠷ ᠬᠥᠭᠵᠢᠯᠲᠡ ᠶᠢ ᠠᠬᠢᠭᠤᠯᠵᠤ᠂ ᠬᠥᠭᠵᠢᠯᠲᠡ ᠪᠠᠷ ᠤᠷᠤᠭᠰᠢᠯᠠᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠡᠢ᠃    ᠡᠨᠡ ᠬᠡᠳᠦᠨ ᠡᠳᠦᠷ᠂ ᠮᠠᠩᠬᠠᠨ ᠰᠤᠮᠤ ᠶᠢᠨ ᠬᠠᠲᠠᠭᠤ ᠭᠠᠴᠠᠭ᠎ᠠ ᠳᠤ ᠪᠠᠷᠢᠯᠭ᠎ᠠ ᠶᠢᠨ ᠠᠵᠢᠯᠴᠢᠳ ᠱᠦᠢᠨᠢ ᠶᠢᠨ ᠵᠠᠮ ᠤᠨ ᠭᠠᠳᠠᠷᠭᠤ ᠶᠢ ᠵᠠᠰᠠᠬᠤ ᠠᠵᠢᠯ ᠢ ᠪᠠᠴᠢᠮ ᠶᠠᠭᠠᠷᠠᠯᠲᠠᠢ ᠬᠢᠵᠦ ᠪᠠᠶᠢᠯ᠎ᠠ᠃ ᠥᠩᠭᠡᠷᠡᠭᠰᠡᠨ ᠳᠤ᠂ ᠭᠠᠴᠠᠭᠠᠨ ᠤ ᠭᠤᠣᠯ ᠵᠠᠮ ᠢ ᠬᠤᠯᠪᠣᠭᠰᠠᠨ ᠭᠤᠷᠪᠠᠨ ᠵᠤᠷᠪᠤᠰ ᠵᠥᠷᠢᠭ ᠵᠠᠮ ᠨᠢ ᠪᠦᠷ ᠰᠢᠷᠣᠢ ᠶᠢᠨ ᠵᠠᠮ ᠪᠠᠶᠢᠵᠤ᠂ ᠪᠣᠷᠣᠭᠠᠨ ᠤ ᠤᠯᠠᠷᠢᠯ ᠪᠣᠯᠣᠮᠠᠭᠴᠠ ᠵᠠᠮ ᠤᠨ ᠭᠠᠳᠠᠷᠭᠤ ᠳᠤ ᠤᠰᠤ ᠬᠤᠷᠠᠵᠤ ᠰᠢᠪᠠᠷ ᠭᠠᠷᠴᠤ᠂ ᠭᠠᠴᠠᠭᠠᠨ ᠤ ᠠᠷᠠᠳ ᠤᠨ ᠶᠠᠪᠤᠵᠤ ᠰᠠᠭᠤᠬᠤ ᠶᠢ ᠨᠥᠯᠥᠭᠡᠯᠡᠳᠡᠭ ᠪᠠᠶᠢᠵᠠᠢ᠃ ᠡᠨᠡ ᠬᠦ ᠪᠠᠶᠢᠳᠠᠯ ᠳᠤ ᠴᠢᠭᠯᠡᠭᠦᠯᠵᠦ᠂ ᠮᠠᠩᠬᠠᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ 90 ᠭᠠᠷᠤᠢ ᠲᠦᠮᠡᠨ ᠲᠥᠭᠦᠷᠢᠭ ᠭᠤᠶᠤᠴᠢᠯᠠᠨ ᠣᠯᠵᠤ᠂ ᠬᠠᠲᠠᠭᠤ ᠭᠠᠴᠠᠭ᠎ᠠ ᠳᠤ ᠵᠥᠷᠢᠭ ᠵᠠᠮ ᠤᠨ ᠬᠡᠰᠡᠭ ᠲᠤ ᠱᠦᠢᠨᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠭᠠᠴᠠᠭᠠᠨ ᠤ ᠠᠷᠠᠳ ᠤᠨ ᠶᠠᠪᠤᠵᠤ ᠰᠠᠭᠤᠬᠤ ᠳᠤ ᠬᠦᠴᠢᠷᠳᠡᠵᠦ ᠪᠠᠶᠢᠭᠰᠠᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃    ᠬᠠᠲᠠᠭᠤ ᠭᠠᠴᠠᠭ᠎ᠠ ᠶᠢᠨ ᠨᠠᠮ ᠤᠨ ᠡᠭᠦᠷ ᠤᠨ ᠱᠦᠵᠢ ᠸᠠᠩ ᠶᠢᠨ ᠱᠠᠨ᠄ ︽ᠡᠨᠡ ᠵᠢᠯ ᠮᠠᠨ ᠤ ᠭᠠᠴᠠᠭ᠎ᠠ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠳᠤ ᠲᠦᠰᠢᠭᠯᠡᠵᠦ᠂ 3 ᠵᠤᠷᠪᠤᠰ ᠱᠦᠢᠨᠢ ᠶᠢᠨ ᠵᠠᠮ ᠢ ᠪᠠᠶᠢᠭᠤᠯᠵᠤ᠂ ᠪᠦᠭᠦ ᠣᠷᠳᠣ ᠨᠢ 1300 ᠮᠧᠲᠷ ᠲᠤ ᠭᠦᠷᠪᠡ᠃ ᠲᠥᠷᠥᠯ ᠵᠦᠢᠯ ᠢ ᠠᠵᠢᠯ ᠳᠠᠭᠤᠰᠬᠠᠭᠰᠠᠨ ᠤ ᠳᠠᠷᠠᠭ᠎ᠠ᠂ ᠪᠦᠭᠦ ᠭᠠᠴᠠᠭᠠᠨ ᠤ 115 ᠡᠷᠦᠭᠡ ᠶᠢᠨ 400 ᠭᠠᠷᠤᠢ ᠬᠥᠮᠥᠨ ᠠᠮᠠ ᠶᠢᠨ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠠᠴᠠᠭᠠᠨ ᠤ ᠠᠷᠠᠳ ᠲᠤ ᠨᠠᠩ ᠠᠮᠤᠷ ᠲᠦᠪᠰᠢᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠩᠭᠠᠬᠤ ᠪᠣᠯᠣᠨ᠎ᠠ︾ ᠭᠡᠵᠦ ᠶᠠᠷᠢᠵᠤ ᠪᠠᠶᠢᠯ᠎ᠠ᠃    ᠲᠡᠵᠢᠭᠡᠨ ᠦᠷᠡᠵᠢᠭᠦᠯᠬᠦ ᠦᠢᠯᠡᠰ ᠤᠨ ᠲᠦᠷᠭᠡᠨ ᠬᠥᠭᠵᠢᠯᠲᠡ ᠶᠢᠨ ᠵᠠᠩᠭᠢᠯᠠᠭ᠎ᠠ ᠨᠢ ᠡᠭᠦᠯᠳᠡᠷ ᠰᠠᠶᠢᠵᠢᠷᠠᠭᠤᠯᠬᠤ ᠳᠤ ᠪᠤᠢ᠃ ᠲᠢᠶᠧ ᠰᠢᠨ ᠪᠣᠯ ᠬᠦᠷᠢᠶ᠎ᠡ ᠪᠠᠯᠭᠠᠰᠤ ᠶᠢᠨ ᠰᠥᠷᠦᠭ ᠭᠠᠴᠠᠭ᠎ᠠ ᠶᠢᠨ ᠲᠡᠵᠢᠭᠡᠨ ᠦᠷᠡᠵᠢᠭᠦᠯᠬᠦ ᠲᠣᠮᠣ ᠡᠷᠦᠭᠡ ᠪᠣᠯᠣᠨ᠎ᠠ᠂ ᠲᠡᠲᠡᠨ ᠤ ᠬᠢᠨ 130 ᠲᠣᠯᠣᠭᠠᠢ ᠦᠬᠡᠷ ᠲᠡᠵᠢᠭᠡᠵᠦ᠂ ᠵᠢᠯ ᠪᠦᠷᠢ 100 ᠭᠠᠷᠤᠢ ᠦᠨᠢᠶ᠎ᠡ ᠶᠢ ᠢᠴᠡᠭᠡᠯ ᠦᠷ᠎ᠡ ᠪᠠᠷ ᠬᠡᠭᠡᠯᠲᠦᠭᠦᠯᠭᠡ ᠬᠢᠳᠡᠭ ᠪᠣᠯᠬᠤᠷ᠂ ᠢᠴᠡᠭᠡᠯ ᠦᠷ᠎ᠡ ᠶᠢ ᠤᠷᠢᠳᠴᠢᠯᠠᠨ ᠵᠠᠬᠢᠶᠠᠯᠠᠬᠤ ᠴᠢᠬᠤᠯᠠᠲᠠᠢ ᠪᠠᠶᠢᠳᠠᠭ᠃ ᠠᠯᠠᠰᠢᠨ ᠦᠬᠡᠷ ᠤᠨ ᠢᠴᠡᠭᠡᠯ ᠦᠷ᠎ᠡ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠡᠨᠡ ᠵᠢᠯ᠂ ᠲᠣᠰ ᠬᠤᠰᠢᠭᠤᠨ ᠤ ᠬᠢᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠠᠮᠢᠳᠤᠯᠢᠭ ᠬᠡᠷᠡᠭᠯᠡᠵᠦ᠂ ᠴᠢᠨᠠᠷ ᠰᠠᠶᠢᠲᠠᠢ ᠠᠯᠠᠰᠢᠨ ᠦᠬᠡᠷ ᠤᠨ ᠢᠴᠡᠭᠡᠯ ᠦᠷ᠎ᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠪᠠ᠃ ︽ᠥᠩᠭᠡᠷᠡᠭᠰᠡᠨ ᠵᠢᠯ ᠳᠤ ᠨᠢᠭᠡ ᠲᠣᠯᠣᠭᠠᠢ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠬᠦ ᠳᠤ ᠠᠳᠠᠭ ᠪᠠᠭ᠎ᠠ ᠳᠠᠭᠠᠨ 100 ᠲᠥᠭᠦᠷᠢᠭ ᠬᠡᠷᠡᠭᠰᠡᠨ᠎ᠡ᠂ ᠡᠨᠡ ᠵᠢᠯ ᠵᠠᠰᠠᠭ ᠤᠨ ᠣᠷᠳᠣᠨ ᠠᠴᠠ ᠰᠦᠢᠳᠬᠡᠯ ᠬᠤᠷᠢᠶᠠᠬᠤ ᠦᠭᠡᠢ ᠪᠠᠷ ᠠᠯᠠᠰᠢᠨ ᠦᠬᠡᠷ ᠤᠨ ᠢᠴᠡᠭᠡᠯ ᠦᠷ᠎ᠡ ᠶᠢ ᠲᠠᠷᠬᠠᠭᠠᠵᠠᠢ᠂ ᠣᠳᠣᠬᠠᠨ ᠪᠤᠯᠲᠠᠯ᠎ᠠ 20 ᠲᠣᠯᠣᠭᠠᠢ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠵᠦ᠂ ᠨᠡᠶᠢᠲᠡ 2000 ᠲᠥᠭᠦᠷᠢᠭ ᠣᠷᠴᠢᠮ ᠠᠷᠪᠢᠯᠠᠵᠤ᠂ 100 ᠭᠠᠷᠤᠢ ᠦᠬᠡᠷ ᠢ ᠵᠣᠭᠤᠰ ᠢᠶᠠᠷ ᠪᠤᠳᠤᠪᠠᠯ 10000 ᠭᠠᠷᠤᠢ ᠲᠥᠭᠦᠷᠢᠭ ᠠᠷᠪᠢᠯᠠᠨ᠎ᠠ︾ ᠭᠡᠵᠦ ᠲᠢᠶᠧ ᠰᠢᠨ ᠪᠠᠶᠠᠷᠲᠠᠢ ᠶᠠᠷᠢᠵᠤ ᠪᠠᠶᠢᠯ᠎ᠠ᠃    ᠬᠦᠷᠢᠶ᠎ᠡ ᠬᠤᠰᠢᠭᠤ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠲᠥᠷᠥᠯ ᠵᠦᠢᠯ ᠢ ᠲᠥᠯᠥᠪᠯᠡᠬᠦ ᠲᠠᠯ᠎ᠠ ᠪᠠᠷ ︽ᠲᠥᠷᠥᠯ ᠵᠦᠢᠯ ᠨᠢ ᠲᠥᠯᠦᠪᠵᠢᠭᠦᠯᠭᠡ ᠶᠢ ᠳᠠᠭᠠᠵᠤ᠂ ᠪᠡᠯᠡ ᠮᠥᠩᠭᠦ ᠨᠢ ᠲᠥᠷᠥᠯ ᠵᠦᠢᠯ ᠢ ᠲᠠᠭᠠᠬᠤ︾ ᠵᠠᠷᠴᠢᠮ ᠢ ᠪᠠᠷᠢᠮᠲᠠᠯᠠᠵᠤ᠂ ᠲᠥᠷᠥᠯ ᠵᠦᠢᠯ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠲᠥᠷᠥᠯ ᠵᠦᠢᠯ ᠢ ᠬᠡᠷᠡᠭᠵᠢᠭᠦᠯᠬᠦ ᠡᠯ᠎ᠡ ᠵᠦᠢᠯ ᠤᠨ ᠲᠠᠰ ᠳᠠᠷᠠᠭᠠᠯᠠᠯ ᠢ ᠵᠢᠷᠤᠮᠵᠢᠭᠤᠯᠵᠤ᠂ ︽ᠭᠠᠴᠠᠭ᠎ᠠ ᠲᠣᠰᠬᠤᠨ ᠭᠤᠶᠤᠴᠢᠯᠠᠨ ᠮᠡᠳᠡᠭᠦᠯᠬᠦ᠂ ᠰᠤᠮᠤ ᠪᠠᠯᠭᠠᠰᠤ ᠬᠢᠨᠠᠨ ᠬᠠᠷᠭᠤᠭᠤᠯᠬᠤ᠂ ᠬᠤᠰᠢᠭᠤᠨ ᠠᠴᠠ ᠬᠢᠨᠠᠨ ᠲᠣᠭᠲᠠᠭᠠᠬᠤ︾ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠵᠤ᠂ ᠪᠡᠯᠡ ᠮᠥᠩᠭᠦ ᠶᠢ ᠪᠣᠳᠠᠲᠠᠢ ᠳᠤ ᠬᠡᠷᠡᠭᠯᠡᠬᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠣᠯᠠᠨ ᠲᠦᠮᠡᠨ ᠳᠤ ᠨᠡᠩ ᠰᠠᠶᠢᠨ ᠠᠰᠢᠭ ᠬᠦᠷᠲᠡᠭᠡᠪᠡ᠃ ︽ᠡᠨᠡ ᠵᠢᠯ᠂ ᠪᠦᠭᠦ ᠬᠤᠰᠢᠭᠤ ᠪᠠᠷ ᠢᠶᠠᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠨᠡᠶᠢᠲᠡ 781 ᠲᠦᠮᠡᠨ ᠲᠥᠭᠦᠷᠢᠭ ᠴᠢᠷᠮᠠᠶᠢᠨ ᠣᠯᠵᠤ᠂ ᠭᠤᠣᠯᠳᠠᠭᠤ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ᠂ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ᠂ ᠭᠠᠴᠠᠭ᠎ᠠ ᠲᠣᠰᠬᠤᠨ ᠤ ᠱᠦᠢᠨᠢ ᠶᠢᠨ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠳᠤ ᠬᠡᠷᠡᠭᠯᠡᠵᠦ᠂ 30 ᠭᠠᠷᠤᠢ ᠭᠠᠴᠠᠭ᠎ᠠ ᠲᠣᠰᠬᠤᠨ ᠳᠤ ᠬᠤᠯᠪᠣᠭᠳᠠᠪᠠ᠃ ᠣᠳᠣᠬᠠᠨ ᠳᠤ᠂ ᠦᠨᠳᠦᠰᠦᠲᠡᠨ ᠤ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠲᠥᠷᠥᠯ ᠵᠦᠢᠯ ᠢ ᠨᠢᠭᠡᠨᠲᠡ ᠳᠠᠭᠤᠰᠬᠠᠪᠠ᠃ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠲᠦᠷᠦᠯ ᠵᠦᠢᠯ ᠢ ᠦᠨᠳᠦᠰᠦᠨ ᠳᠡᠭᠡᠨ ᠳᠠᠭᠤᠰᠬᠠᠵᠤ᠂ ᠤᠳᠤ ᠶᠠᠭ ᠮᠠᠰᠢᠨ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠪᠠᠶᠢᠨ᠎ᠠ᠃ ᠱᠦᠢᠨᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠴᠦ ᠰᠢᠪᠲᠤᠷᠠᠭᠠᠨ ᠳᠠᠭᠠᠨ ᠣᠷᠣᠪᠠ᠃ ᠡᠲᠡᠭᠡᠷ ᠲᠥᠷᠥᠯ ᠵᠦᠢᠯ ᠢ ᠪᠦᠭᠦᠨ ᠢ ᠳᠠᠭᠤᠰᠬᠠᠭᠰᠠᠨ ᠤ ᠳᠠᠷᠠᠭ᠎ᠠ᠂ 12000 ᠭᠠᠷᠤᠢ ᠣᠯᠠᠨ ᠲᠦᠮᠡᠨ ᠳᠤ ᠰᠢᠭᠤᠳ ᠠᠰᠢᠭ ᠬᠦᠷᠲᠡᠭᠡᠬᠦ ᠪᠣᠯᠣᠨ᠎ᠠ︾ ᠭᠡᠵᠦ ᠬᠦᠷᠢᠶ᠎ᠡ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠡᠷᠭᠢᠯᠡᠭᠴᠢ ᠸᠠᠩ ᠱᠠᠨ ᠬᠤ᠋ ᠲᠠᠨᠢᠯᠴᠠᠭᠤᠯᠤᠨ ᠶᠠᠷᠢᠵᠤ ᠪᠠᠶᠢᠯ᠎ᠠ᠃
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号