ᠺᠸᠦ ᠾᠧᠽᠢ ᠪᠠᠯᠭᠠᠰᠤ᠄ ᠰᠠᠶᠢᠨ ᠳᠤᠷ᠎ᠠ ᠶᠢᠨ ᠦᠢᠯᠡᠴᠢᠯᠡᠭᠡᠨ ᠤ ︽ᠴᠤᠭᠯᠠᠭ᠎ᠠ ᠮᠠᠶᠢᠮᠠᠶ︾ ᠳᠤ ᠬᠦᠷᠴᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2024/12/31
    12 ᠰᠠᠷ᠎ᠠ ᠶᠢᠨ 30 ᠤ ᠡᠳᠦᠷ᠂ ᠺᠸᠤ ᠾᠧᠽᠢ ᠪᠠᠯᠭᠠᠰᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ ᠬᠠᠤᠯᠢ ᠴᠠᠭᠠᠵᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ︽ᠴᠤᠭᠯᠠᠭ᠎ᠠ ᠮᠠᠶᠢᠮᠠᠶ︾ ᠳᠤ ᠬᠦᠷᠴᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠵᠢᠭᠤ ᠨᠣᠮᠯᠠᠯ ᠢ ᠡᠰᠡᠷᠭᠦᠴᠡᠬᠦ᠂ ᠴᠠᠬᠢᠯᠭᠠᠨ ᠮᠡᠬᠡᠯᠡᠯ ᠢ ᠡᠰᠡᠷᠭᠦᠴᠡᠬᠦ᠂ ︽ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠵᠤ᠂ ᠣᠯᠠᠨ ᠲᠦᠮᠡᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠬᠠᠤᠯᠢ ᠶᠣᠰᠣᠭᠠᠷ ᠠᠵᠢᠯᠯᠠᠬᠤ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢ ᠴᠠᠭᠠᠵᠠ ᠶᠢᠨ ᠤᠬᠠᠮᠰᠠᠷ ᠢ ᠪᠣᠶ ᠪᠣᠯᠭᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号