ᠲᠦᠩᠯᠢᠶᠣᠤ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠦᠦ ᠸᠧᠨ ᠯᠠᠨ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/9
    12 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠲᠦᠩᠯᠢᠶᠣᠤ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠦᠦ ᠸᠧᠨ ᠯᠠᠨ ᠨᠠᠷ ᠮᠠᠨ ᠤ ᠬᠤᠰᠢᠭᠤᠨ ᠳᠤ ᠢᠷᠡᠵᠦ ︽ᠶᠡᠭᠡ ᠪᠠᠶᠢᠴᠠᠭᠠᠨ ᠰᠤᠳᠤᠯᠬᠤ᠂ ᠶᠡᠭᠡ ᠰᠤᠷᠪᠤᠯᠵᠢᠯᠠᠬᠤ᠂ ᠶᠡᠭᠡ ᠰᠦᠪᠡᠭᠴᠢᠯᠡᠬᠦ᠂ ᠶᠡᠬᠡᠪᠡᠷ ᠠᠬᠢᠭᠤᠯᠬᠤ︾ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠵᠠᠩ ᠬᠠᠨ ᠰᠦᠩ᠂ ᠪᠦᠦ ᠱᠠᠭᠠᠷᠠᠢ᠂ ᠢᠦᠢ ᠮᠢᠩ ᠮᠢᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠤᠰᠢᠭᠤᠨ ᠤ ᠠᠨᠳᠠᠢ ᠠᠭᠤᠳᠠᠮ ᠲᠠᠯᠠᠪᠠᠶ ᠶᠢᠨ ᠬᠡᠷ ᠤᠨ ᠰᠤᠷᠲᠠᠯ ᠤᠨ ᠭᠤᠤᠯ ᠰᠡᠳᠦᠪᠲᠦ ᠪᠤᠯᠣᠩ᠂ ᠠᠷᠠᠳ ᠤᠨ ᠶᠠᠪᠤᠳᠠᠯ ᠤᠨ ᠣᠷᠤᠭ ᠳᠠᠩᠰᠠᠯᠠᠬᠤ ᠭᠠᠵᠠᠷ ᠤᠨ ︽ᠡᠶ᠎ᠡ ᠨᠠᠶᠢᠷᠠᠮᠳᠠᠭᠤ︾ ᠬᠡᠷ ᠤᠨ ᠶᠠᠪᠤᠳᠠᠯ ᠤᠨ ᠵᠢᠵᠢᠭ ᠦᠷᠦᠭᠡ᠂ ᠵᠤᠤᠬᠠᠴᠢᠨ ᠨᠡᠶᠢᠭᠡᠮ ᠲᠣᠭᠤᠷᠢᠭ ᠤᠨ ᠬᠡᠤᠬᠡᠳ ᠤᠨ ᠥᠷᠦᠭᠡ᠂ ᠬᠦᠷᠢᠶ᠎ᠡ  ᠪᠠᠯᠭᠠᠰᠤᠨ ᠤ  ᠶᠤᠸᠠᠨ ᠪᠦᠦ ᠱᠠᠨ ᠲᠣᠰᠬᠤᠨ ᠤ  ᠬᠦᠯᠡᠮᠵᠢ ᠶᠢᠨ ᠲᠥᠷᠥᠯ ᠵᠦᠢᠯ ᠤᠨ ᠲᠣᠭᠤᠷᠢᠭ᠂ ᠬᠤᠩ ᠶᠠᠨ ᠬᠠᠶᠢᠷ᠎ᠠ ᠬᠠᠯᠠᠮᠵᠢᠲᠤ ᠨᠠᠰᠤᠲᠠᠶᠢᠴᠤᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠵᠡᠷᠭᠡ ᠭᠠᠵᠠᠷ ᠲᠤ ᠬᠦᠷᠴᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠬᠤ᠂ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃    ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠦᠦ ᠸᠧᠨ ᠯᠠᠨ ᠠᠴᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠯ᠎ᠡ ᠵᠦᠢᠯ ᠤᠨ ᠠᠵᠢᠯ ᠢ ᠮᠡᠳᠡᠷᠡᠨ ᠨᠤᠲᠠᠯᠠᠪᠠ᠃ ᠪᠦᠦ ᠸᠧᠨ ᠯᠠᠨ ᠱᠠᠭᠠᠷᠳᠠᠭᠰᠠᠨ ᠨᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠨᠢ ᠡᠮᠡᠭᠲᠡᠶᠢᠴᠦᠳ ᠬᠡᠦᠬᠡᠳ ᠤᠨ ᠪᠣᠳᠠᠲᠠᠢ ᠬᠡᠷᠡᠭᠴᠡᠭᠡ ᠳᠤ ᠨᠢᠭᠲᠠ ᠤᠶᠠᠯᠳᠤᠭᠤᠯᠤᠨ᠂ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠦᠨᠡᠨᠬᠦ ᠭᠦᠨᠵᠡᠭᠡᠢ᠂ ᠨᠠᠷᠢᠯᠢᠭ᠂ ᠪᠣᠳᠠᠲᠠᠢ ᠬᠢᠵᠦ᠂ ᠢᠯᠠᠩᠭᠤᠶ᠎ᠠ ︽ᠭᠤᠷᠪᠠᠨ ᠰᠢᠨ᠎ᠡ︾ ᠶᠢᠨ ᠬᠦᠷᠢᠶᠡᠨ ᠳᠠᠬᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠠᠵᠢᠯ ᠢ ᠠᠬᠢᠭᠤᠯᠬᠤ᠂ ᠡᠮᠡᠭᠲᠡᠶᠢᠴᠦᠳ ᠤᠨ ᠦᠢᠯᠡᠰ ᠪᠤᠰᠬᠠᠵᠤ ᠠᠵᠢᠯ ᠣᠯᠭᠤᠬᠤ ᠶᠢ ᠲᠡᠳᠬᠦᠬᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ᠂ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠡᠮᠡᠭᠲᠡᠶᠢᠴᠦᠳ ᠬᠡᠦᠬᠡᠳ ᠤᠨ ᠠᠵᠢᠯ ᠳᠤ ᠨᠡᠩ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号