2024 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/2/22
   ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ ᠵᠠᠮ ᠬᠠᠷᠢᠯᠴᠠᠭᠠᠨ ᠤ ᠠᠮᠤᠷ ᠲᠥᠪᠰᠢᠨ ᠢ ᠪᠠᠲᠤᠯᠠᠬᠤ ᠶᠢᠨ ᠲᠥᠯᠥᠭᠡ᠂ ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠦᠷᠢᠶ᠎ᠡ ᠪᠠᠯᠭᠠᠰᠤᠨ ᠤ ᠬᠡᠰᠡᠭ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠶᠠᠮᠠᠷᠪᠠ ᠲᠡᠷᠭᠡ ᠨᠡᠪᠲᠡᠷᠡᠬᠦ ᠶᠢ ᠴᠠᠭᠠᠵᠠᠯᠠᠨ᠎ᠠ᠂ ᠡᠭᠦᠨ ᠳᠤ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ᠂ ᠴᠠᠬᠢᠯᠭᠠᠨ ᠬᠥᠳᠡᠯᠭᠡᠭᠦᠷᠲᠦ ᠬᠤᠶᠠᠷ ᠬᠦᠷᠳᠦᠲᠦ ᠲᠡᠷᠭᠡ ᠪᠠᠭᠲᠠᠨ᠎ᠠ᠃    ᠨᠢᠭᠡ᠂ ᠵᠠᠬᠢᠷᠤᠨ ᠬᠠᠮᠢᠶᠠᠷᠬᠤ ᠴᠠᠭ    2024 ᠣᠨ ᠤ 2 ᠰᠠᠷ᠎ᠠ ᠶᠢᠨ 24 ᠤ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ︶    ᠦᠳᠡ ᠶᠢᠨ ᠡᠮᠦᠨ᠎ᠡ 7᠄ 00 -12᠄ 00    ᠦᠳᠡ ᠶᠢᠨ ᠬᠤᠶᠢᠨᠠᠬᠢ 17᠄ 00-22᠄ 00    ᠬᠤᠶᠠᠷ᠂ ᠵᠠᠬᠢᠷᠤᠨ ᠬᠠᠮᠢᠶᠠᠷᠬᠤ ᠵᠠᠮ ᠤᠨ ᠬᠡᠰᠡᠭ    ᠬᠦᠷᠢᠶ᠎ᠡ ᠪᠠᠯᠭᠠᠰᠤᠨ ᠤ ᠭᠤᠣᠯ ᠵᠡᠭᠡᠯᠢ ᠶᠢᠨ ᠲᠣᠨᠣᠯᠵᠢᠨ ᠵᠠᠮ ᠠᠴᠠ ᠬᠦᠷᠢᠶ᠎ᠡ ᠪᠠᠯᠭᠠᠰᠤᠨ ᠤ ᠲᠥᠪ ᠵᠡᠭᠡᠯᠢ ᠪᠣᠯᠤᠨ ᠹᠦ᠋ ᠶᠤᠸᠠᠨ ᠵᠠᠮ ᠤᠨ ᠠᠭᠤᠯᠵᠠᠷ ᠬᠦᠷᠬᠦ᠃
   ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠲᠣᠭᠲᠠᠭᠠᠯ ᠢ ᠵᠥᠷᠢᠴᠡᠵᠤ᠂ ᠢᠳᠬᠠᠨ ᠬᠤᠷᠢᠭᠯᠠᠬᠤ ᠶᠢ ᠰᠣᠨᠣᠰᠬᠤ ᠥᠬᠡᠶ ᠪᠠᠶᠢᠪᠠᠯ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠨ ᠲᠣᠷᠭᠠᠬᠤ ᠬᠠᠤᠯᠢ︾ ᠶᠢ ᠦᠨᠳᠦᠰᠦᠯᠡᠨ ᠰᠢᠢᠳᠭᠡᠨ ᠲᠣᠷᠭᠠᠨ᠎ᠠ᠃ ᠡᠭᠦᠨ ᠠᠴᠠ ᠪᠣᠯᠵᠤ ᠲᠠᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠣᠭᠰᠠᠨ ᠢ ᠠᠭᠤᠴᠢᠯᠠᠭᠠᠷᠠᠢ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ                           ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                            ᠵᠠᠮ   ᠬᠠᠷᠢᠯᠴᠠᠭᠠᠨ   ᠤ   ᠬᠠᠮᠢᠶᠠᠷᠤᠯᠲᠠ    ᠶᠢᠨ   ᠶᠡᠭᠡ   ᠠᠩᠭᠢ                                  2024 ᠣᠨ ᠤ 2 ᠰᠠᠷ᠎ᠠ ᠶᠢᠨ 22 ᠤᠨ ᠡᠳᠦᠷ
 
ᠢᠷᠡᠯᠲᠡ᠄ ᠥᠪᠦᠷ ᠮᠤᠩᠭᠤᠯ ᠤᠨ ᠡᠳᠦᠷ ᠤᠨ ᠰᠣᠨᠢᠨ ᠤ ᠮᠤᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号