ᠴᠢᠨ ᠶᠠᠨ ᠭᠦᠢᠵᠧᠦ ᠶᠢᠨ ᠠᠯᠠᠰᠢᠨ ᠦᠬᠡᠷ ᠤᠨ ᠮᠠᠯ ᠠᠵᠤ ᠠᠬᠤᠢ ᠶᠢᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠲᠠᠢ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/22
    2 ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠨ ᠶᠠᠨ ᠪᠣᠯᠤᠨ ᠭᠦᠢᠵᠧᠦ ᠶᠢᠨ ᠠᠯᠠᠰᠢᠨ ᠦᠬᠡᠷ ᠤᠨ ᠮᠠᠯ ᠠᠵᠤ ᠠᠬᠤᠶ ᠶᠢᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠣᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠴᠢᠨ ᠶᠠᠨ ᠬᠦᠷᠢᠶ᠎ᠡ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠡᠭᠦᠯᠳᠡᠷ ᠰᠠᠶᠢᠵᠢᠷᠠᠭᠤᠯᠤᠭᠰᠠᠨ ᠲᠡᠦᠬᠡ ᠵᠡᠷᠭᠡ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠲᠣᠰ ᠪᠡᠶ᠎ᠡ ᠶᠢᠨ ᠬᠥᠭᠵᠢᠯᠲᠡ ᠶᠢᠨ ᠬᠦᠷᠢᠶ᠎ᠡ ᠪᠣᠯᠤᠨ ᠬᠠᠮᠲᠤᠷᠠᠯᠴᠠᠭᠠᠨ ᠤ ᠵᠠᠭᠪᠤᠷ᠂ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠲᠤᠯᠭ᠎ᠠ ᠵᠡᠷᠭᠡ ᠲᠠᠯ᠎ᠠ ᠪᠠᠷ ᠤᠶᠠᠯᠳᠤᠭᠤᠯᠤᠨ ᠶᠠᠷᠢᠶ᠎ᠠ ᠲᠠᠯᠪᠢᠵᠤ ᠰᠤᠳᠤᠯᠤᠨ ᠶᠠᠷᠢᠯᠴᠠᠭᠰᠠᠨ ᠪᠥᠭᠡᠳ ᠡᠯᠡᠰᠦᠨ ᠪᠠᠯᠭᠠᠰᠤᠨ ᠳᠤ ᠬᠦᠷᠴᠦ ᠲᠥᠷᠥᠯ ᠵᠦᠢᠯ ᠤᠨ ᠭᠠᠵᠠᠷ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号