ᠯᠢᠦ ᠵᠢᠶᠠᠽᠢ ᠪᠠᠯᠭᠠᠰᠤ᠄ ᠬᠥᠷᠥᠰᠥ ᠰᠢᠷᠣᠶ ᠠᠴᠠ ᠥᠯᠢᠭᠡᠷ ᠠᠪᠬᠤ ᠲᠣᠬᠢᠲᠠᠢ ᠴᠠᠭ ᠢ ᠠᠮᠵᠢᠨ ᠰᠢᠨᠵᠢᠯᠡᠬᠦ ᠤᠬᠠᠭᠠᠨᠴᠢ ᠪᠠᠷ ᠪᠠᠶᠢᠴᠠᠭᠠᠨ ᠰᠢᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2024/2/22
   2 ᠰᠠᠷ᠎ᠠ ᠶᠢᠨ 21 ᠤ ᠡᠳᠦᠷ᠂ ᠵᠦᠡᠭ ᠬᠤᠸᠠ ᠣᠳᠣ ᠦᠶ᠎ᠡ ᠶᠢᠨ ᠲᠠᠷᠢᠶᠠᠯᠠᠩ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠶᠢᠨ ᠠᠵᠢᠯᠲᠠᠳ ᠯᠢᠦ ᠵᠢᠶᠠᠽᠢ ᠪᠠᠯᠭᠠᠰᠤᠨ ᠤ ᠬᠠᠯᠠᠭᠠᠢ ᠶᠢᠨ ᠭᠤᠤ ᠲᠣᠰᠬᠤᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠠᠷᠢᠶᠠᠨ ᠭᠠᠵᠠᠷ ᠲᠤ ᠬᠦᠷᠴᠦ ᠬᠥᠷᠥᠰᠥ ᠰᠢᠷᠣᠶ ᠴᠤᠭᠯᠠᠭᠤᠯᠵᠤ᠂ ᠠᠳᠠᠯᠢ ᠪᠤᠰᠤ ᠭᠠᠵᠠᠷ ᠤᠨ ᠬᠡᠰᠡᠭ᠂ ᠬᠥᠷᠥᠰᠥ ᠰᠢᠷᠣᠶ ᠶᠢᠨ ᠲᠥᠷᠥᠯ ᠬᠡᠯᠪᠡᠷᠢ ᠶᠢ ᠦᠨᠳᠦᠰᠦᠯᠡᠨ᠂ ᠠᠳᠠᠯᠢ ᠪᠤᠰᠤ ᠲᠠᠷᠢᠮᠠᠯ ᠤᠨ ᠬᠡᠷᠡᠭᠴᠡᠭᠡ ᠶᠣᠰᠣᠭᠠᠷ ᠲᠣᠰ ᠲᠣᠰ ᠥᠯᠢᠭᠡᠷ ᠠᠪᠴᠤ᠂ ᠪᠠᠶᠢᠴᠠᠭᠠᠨ ᠰᠢᠯᠭᠠᠵᠤ ᠵᠠᠳᠠᠯᠤᠯᠲᠠ ᠬᠢᠵᠦ᠂ ᠰᠢᠨᠵᠢᠯᠡᠬᠦ ᠤᠬᠠᠭᠠᠨᠴᠢ ᠪᠠᠷ ᠳᠠᠷᠢᠬᠤ᠂ ᠵᠦᠶ ᠵᠣᠬᠢᠰᠲᠠᠶ ᠨᠠᠶᠢᠷᠠᠭᠤᠯᠬᠤ᠂ ᠲᠠᠷᠢᠶᠠᠯᠠᠩ ᠢ ᠬᠠᠪᠰᠤᠷᠤᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠳᠤ ᠰᠠᠭᠤᠷᠢ ᠶᠢ ᠪᠠᠬᠢᠵᠢᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号