ᠺᠸᠦ ᠾᠧᠽᠢ ᠪᠠᠯᠭᠠᠰᠤ᠄ ᠴᠠᠭᠠᠨ ᠭᠠᠯᠠᠭᠤ ᠲᠡᠵᠢᠭᠡᠨ ᠦᠷᠡᠵᠢᠭᠦᠯᠵᠦ ᠬᠥᠳᠡᠭᠡ ᠲᠣᠰᠬᠤᠨ ᠤ ᠪᠠᠶᠠᠵᠢᠯ ᠤᠨ ᠠᠶᠠᠰ ᠢ ᠬᠠᠩᠭᠢᠨᠠᠭᠤᠯᠤᠨ᠎ᠠ
ᠨᠡᠶᠢᠲᠡᠯᠡᠭᠰᠡᠨ ᠴᠠᠭ᠄
2024/2/22
   ᠣᠶᠢᠷ᠎ᠠ ᠶᠢᠨ ᠵᠢᠯ ᠠᠴᠠ᠂ ᠺᠸᠦ ᠾᠧᠽᠢ ᠪᠠᠯᠭᠠᠰᠤ ᠣᠶ ᠶᠢᠨ ᠬᠤᠷᠮᠣᠶ ᠶᠢᠨ ᠡᠬᠢ ᠪᠠᠶᠠᠯᠢᠭ ᠪᠣᠯᠤᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠣᠷᠣᠨ ᠪᠦᠰᠡᠴᠢᠯᠡᠭᠰᠡᠨ ᠪᠠᠶᠢᠷᠢᠰᠢᠭᠤᠯᠤᠯᠲᠠ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠬᠡᠪᠴᠢᠶᠡᠵᠢᠭᠦᠯᠦᠨ ᠡᠵᠡᠩᠨᠡᠬᠦ ᠤᠨᠴᠠᠯᠢᠬᠳᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢᠨ ᠵᠠᠮ ᠢ ᠠᠯᠬᠤᠮ ᠠᠯᠬᠤᠮ ᠢᠶᠠᠷ ᠨᠡᠭᠡᠭᠡᠪᠡ᠃ ᠲᠡᠵᠢᠭᠡᠨ ᠦᠷᠡᠵᠢᠭᠦᠯᠬᠦ ᠶᠠᠪᠤᠴᠠ ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠪᠠᠷ ᠳᠠᠮᠵᠢᠭᠤᠯᠤᠨ᠂ ᠺᠸᠦ ᠾᠧᠽᠢ ᠪᠠᠯᠭᠠᠰᠤᠨ ᠤ ᠴᠠᠭᠠᠨ ᠭᠠᠯᠠᠭᠤ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠨᠠᠩ ᠣᠯᠠᠨ ᠣᠯᠠᠨ ᠲᠦᠮᠡᠨ ᠴᠠᠭᠠᠨ ᠭᠠᠯᠠᠭᠤ ᠶᠢ ᠲᠡᠵᠢᠭᠡᠨ ᠦᠷᠡᠵᠢᠭᠦᠯᠬᠦ ᠪᠠᠷ ᠳᠡᠮᠵᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号