ᠬᠦᠷᠢᠶ᠎ᠡ ᠪᠠᠯᠭᠠᠰᠤ᠄ ᠤᠨᠢᠨ ᠳᠡᠭᠡᠷ᠎ᠡ ᠨᠢ ᠬᠦᠴᠦᠯᠡᠨ ᠠᠷᠠᠯᠵᠢᠶᠠᠴᠢᠨ ᠤᠷᠢᠵᠤ ᠬᠦᠴᠦ ᠪᠠᠨ ᠲᠥᠪᠯᠡᠷᠡᠭᠦᠯᠦᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/2/22
  2 ᠰᠠᠷ᠎ᠠ ᠶᠢᠨ 21 ᠤ ᠡᠳᠦᠷ᠂ ᠬᠦᠷᠢᠶ᠎ᠡ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠵᠧᠵᠢᠶᠠᠩ ᠤᠨ ᠬᠤᠳᠠᠯᠳᠤᠭᠠᠴᠢᠨ ᠲᠠᠢ ᠨᠠᠷᠢᠨᠭᠤᠤᠯ ᠭᠠᠴᠠᠭ᠎ᠠ᠂ ᠮᠠᠨᠢᠲᠤ ᠭᠠᠴᠠᠭᠠᠨ ᠤ ᠬᠥᠮᠦᠨ ᠮᠠᠯ ᠢ ᠰᠠᠯᠭᠠᠵᠤ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠲᠦᠷᠢᠶᠡᠰᠦᠯᠡᠭᠦᠯᠬᠦ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠵᠥᠪᠳᠡᠯᠴᠡᠪᠡ᠃ ᠶᠠᠷᠢᠯᠴᠠᠨ ᠰᠣᠯᠢᠯᠴᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ᠂ ᠲᠥᠷᠥᠯ ᠵᠦᠢᠯ ᠤᠨ ᠬᠡᠪᠴᠢᠶ᠎ᠡ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠨᠡᠶᠢᠭᠡᠮ ᠤᠨ ᠦᠷ᠎ᠡ ᠠᠰᠢᠭ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ ᠵᠡᠷᠭᠡ ᠪᠠᠶᠢᠳᠠᠯ ᠳᠤ ᠴᠢᠭᠯᠡᠭᠦᠯᠦᠨ ᠨᠠᠷᠢᠨ ᠨᠢᠮᠪᠠᠶ ᠰᠣᠯᠢᠯᠴᠠᠨ ᠶᠠᠷᠢᠯᠴᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号