ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠤᠭᠤᠯᠤᠨ ᠠᠪᠴᠢᠷᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/23
  2 ᠰᠠᠷ᠎ᠠ ᠶᠢᠨ 22 ᠤᠨ ᠡᠳᠦᠷ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠤᠭᠤᠯᠤᠨ ᠠᠪᠴᠢᠷᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠪᠣᠯᠪᠠᠰᠤᠷᠠᠯ ᠳᠤ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠳᠡᠳ᠋ ᠲᠣᠪᠴᠢᠶᠠᠨ ᠳᠠᠷᠤᠭ᠎ᠠ ᠰᠦᠨ ᠰᠢᠶᠠᠩ ᠮᠢᠨ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠰᠦᠨ ᠰᠢᠶᠠᠩ ᠮᠢᠨ ᠲᠣᠰ ᠪᠡᠶ᠎ᠡ ᠶᠢᠨ ᠬᠤᠳᠠᠯᠳᠤᠭᠠᠴᠢᠨ ᠤᠷᠢᠬᠤ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠤᠳᠠᠯᠳᠤᠭᠠᠴᠢᠨ ᠤᠷᠢᠬᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠵᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠬᠦ᠂ ᠵᠥᠷᠢᠶ᠎ᠡ ᠪᠠᠨ ᠣᠨᠣᠪᠴᠢᠲᠠᠶ ᠡᠷᠢᠬᠦ᠂ ᠠᠷᠭ᠎ᠠ ᠵᠠᠮ ᠢᠶᠠᠨ ᠣᠨᠣᠪᠴᠢᠲᠠᠶ ᠡᠷᠢᠬᠦ᠂ ᠬᠤᠳᠠᠯᠳᠤᠭᠠᠴᠢᠨ ᠤᠷᠢᠬᠤ ᠴᠢᠭᠯᠡᠯ ᠢᠶᠠᠨ ᠲᠣᠳᠣᠷᠬᠠᠶᠢᠯᠠᠬᠤ ᠵᠢᠴᠢ ᠬᠤᠳᠠᠯᠳᠤᠭᠠᠴᠢᠨ ᠤᠷᠢᠬᠤ ᠳᠤ ᠠᠩᠬᠠᠷᠬᠤ ᠵᠦᠢᠯᠡᠰ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠤᠭᠤᠯᠤᠨ ᠠᠪᠴᠢᠷᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠤᠭᠤᠯᠤᠨ ᠠᠪᠴᠢᠷᠠᠬᠤ ᠠᠵᠢᠯ ᠤᠨ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠦᠷᠢᠶ᠎ᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠶ᠃ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠤ ᠴᠠᠬᠢᠭᠤᠷ ᠡᠯᠡᠰᠦᠨ ᠤ ᠠᠵᠤ ᠦᠢᠯᠡᠰ᠂ ᠴᠣᠬᠤᠢ ᠴᠢᠯᠠᠭᠤᠨ ᠤ ᠠᠵᠤ ᠦᠢᠯᠡᠰ᠂ ᠰᠣᠶᠣᠯ ᠵᠢᠭᠤᠯᠴᠢᠯᠠᠯ ᠤᠨ  ᠤᠨᠴᠠᠯᠢᠬᠳᠤ  ᠠᠵᠤ  ᠦᠢᠯᠡᠰ  ᠵᠢᠴᠢ  ᠲᠠᠷᠢᠶᠠᠯᠠᠩ  ᠮᠠᠯ ᠤᠨ  ᠠᠰᠢᠭ  ᠰᠢᠮ᠎ᠡ ᠶᠢᠨ  ᠪᠦᠲᠦᠭᠡᠭᠳᠡᠬᠦᠨ ᠤ ᠲᠣᠭᠤᠷᠢᠨ ᠳᠤ᠂ ᠠᠵᠤ ᠠᠬᠤᠶᠢᠯᠠᠯ ᠤᠨ ᠣᠷᠣᠵᠤ ᠢᠷᠡᠨ ᠰᠠᠭᠤᠬᠤ᠂ ᠪᠠᠯᠠ ᠮᠥᠩᠭᠦ ᠶᠢ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠩ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠡᠮᠡᠷᠢᠯᠡᠬᠦ ᠬᠡᠷᠡᠭᠲᠡᠶ ᠭᠡᠪᠡ᠃    ᠬᠤᠷᠠᠯ ᠳᠡᠭᠡᠷ᠎ᠡ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠤᠭᠤᠯᠤᠨ ᠠᠪᠴᠢᠷᠠᠬᠤ ︽ᠡᠪᠦᠯ ᠤᠨ ᠤᠯᠠᠷᠢᠯ ᠤᠨ ᠬᠠᠮᠲᠤᠷᠠᠭᠰᠠᠨ ᠳᠠᠶᠢᠯᠠᠯᠳᠤᠭᠠᠨ︾ ᠤ ᠪᠠᠶᠢᠳᠠᠯ ᠢ ᠮᠡᠳᠡᠭᠳᠡᠪᠡ᠃ ᠡᠯ᠎ᠡ ᠰᠤᠮᠤ ᠰᠢᠶᠠᠩ ᠪᠠᠯᠭᠠᠰᠤ᠂ ᠰᠠᠭᠤᠭᠠᠯᠢ ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠬᠤᠰᠢᠭᠤᠨ ᠤ ᠰᠢᠭᠤᠳ ᠬᠠᠷᠢᠶ᠎ᠠ ᠡᠭᠦᠷᠭᠡᠲᠦ ᠰᠠᠯᠠᠭ᠎ᠠ ᠮᠥᠴᠢᠷ ᠤᠨ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠤᠭᠤᠯᠤᠨ ᠠᠪᠴᠢᠷᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠡᠯ᠎ᠡ ᠲᠤᠰᠬᠠᠶ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠪᠥᠬᠦ ᠪᠦᠷᠢᠯᠳᠦᠬᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠶ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号