ᠵᠠᠰᠠᠭ ᠤᠨ ᠣᠷᠳᠣᠨ ᠤ ᠠᠵᠢᠯ ᠤᠨ ᠢᠯᠡᠳᠬᠡᠯ | —2024 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠳᠡᠭᠡᠷ᠎ᠡ | | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | | ᠲᠥᠯᠥᠭᠡᠯᠡᠭᠴᠢᠳ ᠠ᠋᠄ | ᠤᠳᠤ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | 2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠳᠠᠬᠢᠨᠲᠠ | ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠨᠢ ᠪᠢᠳᠡᠨ ᠳᠤ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ | ᠡᠷᠬᠢᠮ ᠨᠠᠨᠳᠢᠨ ᠬᠥᠭᠵᠢᠯᠲᠡ ᠶᠢᠨ ᠠᠵᠠ ᠲᠤᠬᠢᠶᠠᠯ ᠢ ᠠᠪᠴᠢᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠨᠢ ᠪᠢᠳᠡᠨ ᠤ ᠲᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠤᠭ᠎ᠠ ᠶᠡᠭᠡ ᠬᠦᠴᠦᠨ | ᠴᠢᠳᠠᠯ ᠢ ᠬᠤᠷᠠᠮᠳᠤᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠭᠰᠡᠨ ᠨᠢ ᠪᠢᠳᠡᠨ ᠤ ᠲᠠᠪᠤᠨ ᠶᠡᠭᠡ ᠡᠭᠦᠷᠭᠡ ᠶᠢ ᠨᠡᠩ ᠰᠠᠶᠢᠲᠤᠷ | ᠪᠡᠶᠡᠯᠡᠭᠦᠯᠬᠦ ᠳᠤ ᠬᠦᠴᠦᠲᠡᠢ ᠬᠥᠳᠡᠯᠭᠡᠭᠴᠢ ᠬᠦᠴᠦᠨ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠡᠷᠦᠩᠬᠡᠶᠢᠯᠡᠨ ᠵᠠᠬᠢᠷᠬᠤ ᠴᠢᠨᠠᠷᠲᠠᠢ ᠱᠠᠭᠠᠷᠳᠠᠯᠭ᠎ᠠ | ᠪᠠ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ ᠳᠤᠷᠠᠳᠴᠤ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠵᠢᠷᠦᠬᠡᠨ ᠠᠴᠠ ᠪᠠᠨ | ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ ᠢ ᠲᠠᠭᠠᠵᠦ | ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠣᠷᠣᠨ ᠳᠠᠶᠠᠭᠠᠷ ᠢᠶᠠᠨ ᠶᠡᠷᠦᠩᠬᠡᠢ ᠬᠡᠮᠵᠢᠶ᠎ᠡ ᠪᠠᠨ | ᠪᠤᠵᠠᠭᠠᠶᠢᠷᠠᠭᠤᠯᠬᠤ ᠪᠠ ᠪᠠᠶᠢᠷᠢ ᠳᠡᠭᠡᠭᠰᠢᠯᠡᠭᠦᠯᠦᠨ ᠲᠡᠰ ᠳᠡᠪᠰᠢᠭᠦᠯᠬᠦ ᠡᠷᠡᠯᠬᠡᠭ ᠵᠣᠷᠢᠭ ᠠᠤᠭ᠎ᠠ ᠬᠦᠰᠡᠯ ᠢ ᠪᠣᠢ | ᠪᠤᠯᠭᠠᠵᠦ᠂ ᠬᠥᠭᠵᠢᠯᠲᠡ ᠪᠠᠨ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠨᠢᠭᠲᠠᠷᠠᠭᠤᠯᠪᠠ᠃ | ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠭᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠦ᠂ ᠬᠢᠯᠪᠠᠷ | ᠪᠤᠰᠤ ᠠᠮᠵᠢᠯᠲᠠ ᠪᠦᠳᠦᠮᠵᠢ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ | — ᠠᠵᠤ ᠠᠬᠤᠢ ᠶᠢᠨ ᠭᠤᠣᠯ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠪᠦᠭᠦ ᠤᠯᠤᠰ ᠤᠨ | ᠲᠡᠷᠢᠭᠦᠨ ᠡᠩᠨᠡᠭᠡᠨ ᠳᠤ ᠪᠠᠶᠢᠷᠢᠰᠢᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 7.3% | ᠨᠡᠮᠡᠭᠳᠡᠨ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠵᠤ᠂ 2010 ᠣᠨ ᠠᠴᠠ ᠨᠠᠭᠠᠰᠢᠬᠢ ᠬᠠᠮᠤᠭ ᠤᠨ | ᠰᠠᠶᠢᠨ ᠪᠠᠶᠢᠷᠢ ᠳᠤ ᠲᠣᠳᠣᠷᠠᠨ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠲᠡᠭ 10 ᠲᠦᠮᠡᠨ ᠲᠥᠭᠦᠷᠢᠭ ᠢ ᠳᠠᠪᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ 7.4% ᠨᠡᠮᠡᠭᠳᠡᠵᠦ᠂ ᠪᠦᠭᠦ ᠤᠯᠤᠰ ᠤᠨ ᠳᠣᠯᠣᠳᠤᠭᠠᠷ ᠲᠤ ᠪᠠᠶᠢᠷᠢᠰᠢᠪᠠ︔ ᠲᠣᠭᠲᠠᠮᠠᠯ | ᠬᠥᠷᠥᠩᠭᠡ ᠶᠢᠨ ᠪᠡᠯᠡ ᠤᠷᠤᠭᠤᠯᠤᠯᠲᠠ 19.8% ᠨᠡᠮᠡᠭᠳᠡᠵᠦ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ︔ | ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠭᠰᠠᠨ ᠶᠡᠷᠦᠩᠬᠡᠢ ᠲᠤᠭ᠎ᠠ 30.4% ᠨᠡᠮᠡᠭᠳᠡᠵᠦ᠂ ᠪᠦᠭᠦ | ᠤᠯᠤᠰ ᠤᠨ ᠭᠤᠷᠪᠠᠳᠤᠭᠠᠷ ᠲᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ ᠬᠥᠭᠵᠢᠯᠲᠡ ᠶᠢᠨ ᠲᠤᠬᠠᠢ ᠥᠷᠭᠡᠨ | ᠤᠯᠡᠨ ᠺᠠᠳ᠋ᠷ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠢᠲᠡᠭᠡᠯ ᠵᠣᠷᠢᠭ ᠢ ᠲᠦᠢᠯ ᠤᠨ ᠶᠡᠭᠡ ᠪᠠᠷ | ᠨᠡᠮᠡᠭᠳᠡᠭᠦᠯᠪᠡ᠃ | — ᠤᠯᠤᠰ ᠤᠨ ᠡᠨᠧᠷᠭᠢ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠮᠡᠳᠡᠭᠳᠡᠬᠦ᠋ᠢᠴᠡ | ᠴᠢᠩᠭᠠᠷᠠᠪᠠ᠃ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠣᠨ ᠪᠡᠶᠡᠯᠡᠭᠦᠯᠪᠡ᠂ ᠴᠠᠬᠢᠯᠭᠠᠨ ᠬᠦᠴᠦᠨ ᠤ | ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ ᠬᠡᠮᠵᠢᠶ᠎ᠡ ᠵᠢᠴᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ | ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠬᠢ ᠶᠢᠨ ᠶᠡᠷᠦᠩᠬᠡᠢ ᠮᠠᠰᠢᠨ | ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ | ᠵᠢᠴᠢ ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ᠂ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠡ᠂ | ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠮᠵᠢ ︽ᠠᠷᠪᠠᠨ ᠲᠠᠯ᠎ᠠ ᠪᠠᠷ ᠪᠦᠭᠦ ᠤᠯᠤᠰ ᠲᠤ | ᠮᠠᠩᠯᠠᠶᠢᠯᠠᠬᠤ︾ ᠶᠢ ᠪᠡᠶᠡᠯᠡᠭᠦᠯᠵᠦ᠂ 29 ᠮᠤᠵᠢ ᠶᠢᠨ ᠡᠨᠧᠷᠬᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ | ᠠᠮᠤ ᠪᠤᠳᠠᠭ᠎ᠠ ᠳᠠᠷᠢᠭᠰᠠᠨ ᠲᠠᠯᠠᠪᠠᠢ᠂ ᠨᠢᠭᠡᠴᠢ ᠶᠢᠨ ᠤᠨᠠᠯᠲᠠ᠂ ᠶᠡᠷᠦᠩᠬᠡᠢ ᠤᠨᠠᠯᠲᠠ ︽ᠭᠤᠷᠪᠠ ᠶᠢ | ᠨᠡᠮᠡᠭᠳᠡᠭᠦᠯᠵᠦ︾᠂ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ ᠬᠤᠷᠢᠨ ᠵᠢᠯ | ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠪᠡᠶᠡᠯᠡᠭᠦᠯᠦᠨ᠂ ᠪᠦᠭᠦ ᠤᠯᠤᠰ ᠤᠨ ᠵᠢᠷᠭᠤᠳᠤᠭᠠᠷ ᠪᠠᠶᠢᠷᠢ ᠪᠠᠨ | ᠯᠠᠪᠳᠠᠭᠤᠨ ᠪᠠᠲᠤᠯᠠᠪᠠ᠂ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 285.4 ᠲᠦᠮᠡᠨ ᠲᠣᠨ᠂ ᠦᠨᠢᠶᠡᠨ | ᠰᠦ ᠶᠢᠨ ᠭᠠᠷᠤᠯᠲᠠ 792.6 ᠲᠦᠮᠡᠨ ᠲᠣᠨ ᠳᠤ ᠬᠦᠷᠴᠦ᠂ ᠴᠥᠮ ᠲᠡᠦᠬᠡ ᠶᠢᠨ ᠰᠢᠨ᠎ᠡ ᠲᠦᠪᠰᠢᠨ ᠳᠤ ᠬᠦᠷᠪᠡ᠃ | ᠡᠨᠡ ᠨᠢ ᠥᠪᠥᠷ ᠮᠣᠩᠭᠤᠯ ᠤᠨ ᠤᠯᠤᠰ ᠤᠨ ᠶᠡᠭᠡ ᠲᠠᠯ᠎ᠠ ᠶᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ | ᠢᠯᠡᠷᠡᠭᠦᠯᠪᠡ᠃ | — ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠭᠦ | ᠲᠠᠯ᠎ᠠ ᠪᠠᠷ ᠡᠬᠢᠯᠡᠭᠦᠯᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠵᠠᠷᠯᠢᠭ ᠵᠢᠭᠠᠪᠤᠷᠢ ᠶᠢ ᠴᠤᠤᠷᠢᠶᠠᠲᠤᠨ ᠳᠠᠭᠠᠵᠤ᠂ | ᠭᠤᠣᠯᠯᠠᠨ ᠲᠠᠭᠠᠷᠢᠵᠦ ᠭᠤᠣᠯ ᠬᠦᠴᠦᠨ ᠪᠣᠯᠵᠤ᠂ ᠦᠳᠲᠡᠷ ᠲᠦᠷᠭᠡᠨ ᠬᠥᠳᠡᠯᠦᠯᠴᠡᠵᠦ᠂ ︽ᠨᠢᠭᠡ | ᠲᠥᠯᠦᠪᠵᠢᠭᠦᠯᠭᠡ ᠭᠤᠷᠪᠠᠨ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ 5 ᠵᠠᠰᠠᠯᠲᠠ ᠶᠢᠨ ᠣᠷᠣᠨ ᠪᠠ | 11 ᠴᠢᠬᠤᠯᠠ ᠶᠡᠭᠡ ᠲᠦᠷᠦᠯ ᠵᠦᠢᠯ ᠪᠦᠭᠦᠨ ᠢ ᠤᠯᠤᠰ ᠤᠨ ᠲᠥᠯᠦᠪᠵᠢᠭᠦᠯᠭᠡ ᠳᠤ ᠤᠷᠤᠭᠤᠯᠬᠤ ᠶᠢ ᠠᠬᠢᠭᠤᠯᠵᠤ᠂ | ᠬᠤᠰᠢᠭᠤ ᠰᠢᠶᠠᠨ ᠪᠦᠭᠦᠨ ᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠂ ᠭᠤᠷᠪᠠᠨ ᠲᠣᠮᠣ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠤᠷᠤᠭᠰᠢᠲᠠᠢ ᠡᠬᠢᠯᠡᠵᠦ᠂ ᠪᠦᠭᠦ ᠵᠢᠯ ᠳᠤ 556 ᠲᠦᠮᠡᠨ ᠮᠦ ᠣᠶᠢᠵᠢᠭᠤᠯᠤᠨ᠂ 1817 | ᠲᠦᠮᠡᠨ ᠮᠦ ᠡᠪᠡᠰᠦ ᠲᠠᠷᠢᠵᠤ᠂ 950 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠲᠤᠰ | ᠪᠦᠷᠢ ᠣᠨ ᠤ ᠡᠭᠦᠷᠭᠡ ᠪᠠᠨ 149%᠂ 140%᠂ 151% ᠪᠠᠷ ᠪᠡᠶᠡᠯᠡᠭᠦᠯᠪᠡ᠃ ᠡᠨᠡ ᠨᠢ ᠨᠠᠮ ᠤᠨ ᠲᠥᠪ | ᠬᠤᠷᠢᠶ᠎ᠠ ᠪᠠᠶᠢᠷᠢᠯᠠᠭᠤᠯᠤᠯᠲᠠ ᠬᠢᠭᠰᠡᠭᠡᠷ ᠥᠪᠥᠷ ᠮᠣᠩᠭᠤᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ ᠤ | ᠤᠯᠤᠰ ᠲᠦᠷᠦ ᠶᠢᠨ ᠤᠬᠠᠮᠰᠠᠷ ᠢ ᠭᠦᠢᠴᠡᠳ ᠬᠠᠷᠠᠭᠤᠯᠪᠠ᠃ | — ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠶᠢᠵᠢᠷᠠᠪᠠ᠃ ᠨᠡᠭᠦᠷᠡᠰᠦᠨ ᠤ | ᠠᠵᠤ ᠦᠢᠯᠡᠰ ᠵᠥᠪᠬᠡᠨ 1.4% ᠨᠡᠮᠡᠭᠳᠡᠭᠰᠡᠨ ᠪᠣᠯᠪᠠᠴᠤ ᠨᠡᠭᠦᠷᠡᠰᠦᠨ ᠤ ᠪᠤᠰᠤ ᠠᠵᠤ ᠦᠢᠯᠡᠰ ᠦᠳᠲᠡᠷ ᠲᠦᠷᠭᠡᠨ | ᠨᠡᠮᠡᠭᠳᠡᠨ 12.1% ᠳᠤ ᠬᠦᠷᠴᠦ᠂ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠵᠥᠭᠡᠯᠡᠨ ᠬᠡᠷᠡᠭᠰᠡᠯ ᠪᠠ | ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ᠂ ᠴᠥᠮ ᠬᠤᠶᠠᠷ ᠣᠷᠣᠨᠲᠤ ᠲᠣᠭᠠᠨ ᠤ ᠨᠡᠮᠡᠭᠳᠡᠯ ᠲᠠᠢ ᠪᠣᠯᠬᠤ ᠶᠢ | ᠪᠡᠶᠡᠯᠡᠭᠦᠯᠪᠡ᠃ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ 32.9% ᠨᠡᠮᠡᠭᠳᠡᠨ᠂ ᠪᠦᠭᠦ ᠤᠯᠤᠰ ᠤᠨ | ᠬᠤᠶᠠᠳᠤᠭᠠᠷ ᠲᠤ ᠪᠠᠶᠢᠷᠢᠰᠢᠵᠤ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 46.4% ᠨᠡᠮᠡᠭᠳᠡᠨ᠂ ᠰᠢᠨ᠎ᠡ | ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 1.2 ᠲᠠᠬᠢᠨ ᠨᠡᠮᠡᠭᠳᠡᠪᠡ᠃ | ᠡᠩ ᠤᠨ ᠤᠯᠠᠨ ᠨᠡᠶᠢᠳᠡ ᠶᠢᠨ ᠲᠥᠰᠥᠪ ᠤᠨ ᠣᠷᠣᠯᠭ᠎ᠠ 3000 ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ | ᠲᠥᠷᠥᠯᠵᠢᠯ ᠤᠨ ᠭᠠᠶᠢᠯᠢ ᠲᠠᠲᠠᠪᠤᠷᠢ ᠳᠠᠬᠢ ᠣᠷᠣᠨ ᠨᠤᠲᠤᠭ ᠤᠨ ᠲᠥᠷᠥᠯᠵᠢᠯ ᠤᠨ ᠭᠠᠶᠢᠯᠢ ᠲᠠᠲᠠᠪᠤᠷᠢ ᠶᠢᠨ ᠡᠵᠡᠯᠡᠬᠦ | ᠬᠠᠷᠢᠴᠠᠯ ᠨᠢ 59.4% ᠳᠤ ᠬᠦᠷᠴᠦ᠂ ᠪᠦᠭᠦ ᠤᠯᠤᠰ ᠤᠨ ᠲᠡᠷᠢᠭᠦᠨ ᠳᠤ ᠪᠠᠶᠢᠷᠢᠰᠢᠪᠠ᠃ ᠡᠨᠡ ᠨᠢ ᠥᠪᠥᠷ | ᠮᠣᠩᠭᠤᠯ ᠤᠨ ᠪᠦᠲᠦᠴᠡ ᠪᠠᠨ ᠲᠣᠬᠢᠷᠠᠭᠤᠯᠬᠤ᠂ ᠬᠥᠳᠡᠯᠭᠡᠭᠴᠢ ᠴᠢᠳᠠᠪᠤᠷᠢ ᠪᠠᠨ ᠬᠤᠪᠢᠷᠠᠭᠤᠯᠬᠤ᠂ ᠶᠠᠰᠤ | ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠳᠤ ᠢᠳᠡᠷᠡᠭᠦᠨ ᠠᠯᠬᠤᠭ᠎ᠠ ᠠᠯᠬᠤᠭᠰᠠᠨ ᠢ ᠲᠤᠰᠬᠠᠪᠠ᠃ | — ᠡᠯ᠎ᠡ ᠠᠶᠢᠮᠠᠭ ᠬᠤᠲᠠ ᠠᠳᠠᠯᠢᠳᠬᠠᠨ ᠰᠤᠷᠴᠤ ᠭᠦᠢᠴᠡᠨ ᠳᠠᠪᠠᠭ᠋ᠤ ᠪᠠᠷ ᠮᠡᠷᠡᠶᠢᠨ ᠲᠡᠮᠡᠴᠡᠵᠦ ᠬᠥᠭᠵᠢᠪᠡ᠃ | ᠭᠦᠬᠡᠬᠤᠲᠠ ᠪᠠ ᠪᠤᠭᠤᠲᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠴᠥᠮ | 10% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠴᠥᠮ 20% ᠠᠴᠠ ᠳᠡᠭᠡᠭᠰᠢ ᠨᠡᠮᠡᠭᠳᠡᠨ᠂ 7 ᠠᠶᠢᠮᠠᠭ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ 20% ᠶᠢ ᠳᠠᠪᠠᠵᠤ᠂ ᠣᠷᠳᠣᠰ ᠬᠤᠲᠠ 27.4% ᠳᠤ ᠬᠦᠷᠪᠡ᠃ | ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠴᠠᠬᠢᠯᠭᠠᠨ | ᠭᠠᠷᠭᠠᠭᠰᠠᠨ ᠬᠡᠮᠵᠢᠶ᠎ᠡ ᠴᠥᠮ ᠪᠦᠭᠦ ᠤᠯᠤᠰ ᠤᠨ ᠲᠤᠰᠬᠠᠢ ᠣᠷᠣᠨ᠂ ᠬᠤᠲᠠ ᠶᠢᠨ ᠲᠡᠰ ᠤᠨ ᠬᠤᠶᠠᠳᠤᠭᠠᠷ ᠲᠤ | ᠪᠠᠶᠢᠷᠢᠰᠢᠵᠤ᠂ ᠤᠯᠠᠭᠠᠨᠴᠠᠪ ᠬᠤᠲᠠ ᠶᠢᠨ ᠬᠠᠶᠢᠯᠤᠰᠢ ᠶᠢᠨ ᠮᠠᠲ᠋ᠧᠷᠢᠶᠠᠯ᠂ ᠪᠢᠯᠢᠭ ᠲᠦᠢᠯ ᠤᠨ ᠮᠠᠲ᠋ᠧᠷᠢᠶᠠᠯ ᠪᠠ | ᠲᠥᠮᠥᠰᠥᠨ ᠤ ᠵᠦᠰᠦᠮ ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠲᠤ ᠲᠦᠷᠦᠭᠦᠯᠡᠵᠦ᠂ ᠠᠯᠠᠱᠠ ᠠᠶᠢᠮᠠᠭ | ᠪᠦᠭᠦ ᠤᠯᠤᠰ ᠤᠨ ᠬᠠᠮᠤᠭ ᠤᠨ ᠶᠡᠭᠡ ᠳᠠᠩ ᠴᠣᠭᠴᠠ ᠶᠢᠨ ᠦᠢᠯᠡᠳᠪᠦᠷᠢᠯᠡᠬᠦ ᠬᠡᠮᠵᠢᠶ᠎ᠡ ᠲᠠᠢ ᠴᠡᠪᠡᠷ ᠬᠤᠵᠢᠷ ᠤᠨ | ᠲᠦᠷᠦᠯ ᠵᠦᠢᠯ ᠢ ᠪᠠᠶᠢᠭᠤᠯᠪᠠ᠃ ᠡᠨᠡ ᠨᠢ ᠥᠪᠥᠷ ᠮᠣᠩᠭᠤᠯ ᠤᠨ ᠲᠡᠷᠢᠭᠦᠨ ᠤ ᠬᠢ ᠲᠠᠢ ᠪᠠᠷᠢᠮᠵᠢᠶᠠᠯᠠᠨ | ᠬᠠᠷᠭᠤᠭᠤᠯᠵᠤ᠂ ᠲᠡᠷᠢᠭᠦᠨ ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ ᠠᠴᠠ ᠤᠯᠠᠮ ᠴᠢᠩᠭᠠᠷᠠᠵᠤ ᠪᠠᠶᠢᠭ᠎ᠠ ᠶᠢ | ᠬᠠᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠡᠨᠡ ᠬᠦ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢ ᠪᠠᠲᠤ ᠴᠢᠩᠭ᠎ᠠ ᠡᠵᠡᠮᠰᠢᠨ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠨᠢᠭᠲᠠ | ᠤᠶᠠᠯᠳᠤᠵᠤ᠂ ᠳᠣᠣᠷᠠᠬᠢ ᠠᠵᠢᠯ ᠢ ᠭᠤᠣᠯᠳᠠᠯᠭ᠎ᠠ ᠪᠣᠯᠭᠠᠨ ᠬᠢᠪᠡ᠃ | ᠨᠢᠭᠡ ᠳᠤ ᠠᠵᠤ ᠠᠬᠤᠢ ᠶᠢᠨ ᠲᠦᠷᠭᠡᠨ ᠮᠥᠷᠲᠡᠭᠡᠨ ᠰᠠᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ | ᠠᠬᠢᠭᠤᠯᠪᠠ᠃ ᠪᠡᠯᠡ ᠤᠷᠤᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠤᠷᠮᠠᠰᠢᠭᠤᠯᠬᠤ ᠲᠥᠷᠥ ᠶᠢᠨ | ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠲᠠᠰᠤᠷᠠᠯᠳᠠ ᠦᠭᠡᠢ ᠨᠡᠶᠢᠲᠡᠯᠡᠵᠦ᠂ ᠠᠵᠢᠯᠯᠠᠭᠠᠨ ᠤ | ᠲᠣᠬᠢᠷᠠᠭᠤᠯᠤᠯᠲᠠ ᠪᠠᠨ ᠰᠠᠷ᠎ᠠ ᠤᠯᠠᠷᠢᠯ ᠢᠶᠠᠷ ᠴᠢᠩᠭᠠᠳᠬᠠᠨ᠂ ᠥᠨᠳᠥᠷ ᠰᠠᠭᠤᠷᠢ ᠲᠣᠭᠠᠨ ᠳᠡᠭᠡᠷᠡᠬᠢ ᠠᠵᠤ | ᠠᠬᠤᠢ ᠶᠢᠨ ᠲᠦᠷᠭᠡᠨ ᠨᠡᠮᠡᠭᠳᠡᠯ ᠢ ᠠᠬᠢᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ | ᠪᠦᠲᠦᠮᠵᠢ ᠢᠯᠡᠳᠲᠡ ᠪᠠᠶᠢᠵᠤ᠂ ᠣᠨ ᠤ ᠡᠬᠢᠯᠡᠯᠲᠡ ᠶᠢᠨ ᠠᠩᠬᠠᠨ ᠤ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠵᠡᠷᠭᠡ ᠲᠤᠰᠬᠠᠢ ᠲᠠᠯᠠᠪᠤᠷ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ | ᠡᠷᠬᠢᠯᠡᠵᠦ᠂ ᠪᠦᠭᠦ ᠣᠷᠣᠨ ᠳᠤ 4778 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ | ᠠᠪᠴᠢᠷᠠᠵᠤ᠂ 40.2% ᠨᠡᠮᠡᠭᠳᠡᠨ᠂ ᠳᠡᠯᠡᠬᠡᠢ ᠶᠢᠨ 500 ᠬᠦᠴᠦᠷᠬᠡᠭ ᠪᠣᠯᠤᠭᠰᠠᠨ 45 ᠠᠵᠤ ᠠᠬᠤᠶᠢᠯᠠᠯ ᠪᠠ | ᠲᠤᠮᠳᠠᠳᠤ ᠤᠯᠤᠰ ᠤᠨ 500 ᠬᠦᠴᠦᠷᠬᠡᠭ ᠪᠣᠯᠤᠭᠰᠠᠨ 22 ᠠᠵᠤ ᠠᠬᠤᠶᠢᠯᠠᠯ ᠮᠠᠨ ᠤ ᠣᠷᠣᠨ ᠳᠤ ᠪᠡᠯᠡ | ᠣᠷᠣᠭᠤᠯᠵᠤ ᠦᠢᠯᠡᠰ ᠡᠷᠬᠢᠯᠡᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠰᠦᠷ ᠳᠠᠯᠠᠶᠢᠴᠠᠲᠠᠢ | ᠥᠷᠨᠢᠵᠦ᠂ ᠴᠢᠬᠤᠯᠠ ᠶᠡᠭᠡ ᠲᠦᠷᠦᠯ ᠵᠦᠢᠯ ᠢ 3155 ᠬᠡᠷᠡᠭᠵᠢᠭᠦᠯᠵᠦ᠂ 8259 ᠳ᠋ᠦᠩᠰᠢᠭᠤᠷ ᠲᠥᠭᠦᠷᠢᠭ ᠤᠨ | ᠪᠡᠯᠡ ᠤᠷᠤᠭᠤᠯᠤᠯᠲᠠ ᠶᠢ ᠪᠡᠶᠡᠯᠡᠭᠦᠯᠦᠨ᠂ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠪᠡᠯᠡ | ᠤᠷᠤᠭᠤᠯᠤᠯᠲᠡ ᠲᠠᠢ ᠠᠵᠤ ᠦᠢᠯᠡᠰ ᠤᠨ ᠲᠦᠷᠦᠯ ᠵᠦᠢᠯ ᠢ 42 ᠰᠢᠨ᠎ᠡ ᠪᠠᠷ ᠪᠠᠶᠢᠭᠤᠯᠤᠭᠰᠠᠨ ᠪᠤᠶᠤ ᠵᠠᠯᠭᠠᠵᠤ | ᠪᠠᠶᠢᠭᠤᠯᠪᠠ᠃ ᠰᠠᠭᠤᠷᠢ ᠪᠡᠯᠡᠳᠬᠡᠮᠵᠢ ᠲᠠᠰᠤᠷᠠᠯᠳᠠ ᠦᠭᠡᠢ ᠲᠡᠭᠦᠯᠳᠡᠷᠵᠢᠪᠡ᠂ ᠲᠦᠷᠭᠡᠨ ᠤ ᠵᠠᠰᠠᠮᠠᠯ ᠵᠠᠮ ᠢ 876 | ᠺᠢᠯᠣᠮᠧᠳ᠋ᠷ ᠰᠢᠨ᠎ᠡ ᠪᠠᠷ ᠲᠡᠷᠭᠡ ᠨᠠᠪᠲᠠᠷᠡᠭᠦᠯᠵᠦ᠂ ᠥᠪᠥᠷ ᠮᠣᠩᠭᠤᠯ ᠤᠨ ᠬᠢᠯᠢ ᠳᠣᠲᠣᠷᠠᠬᠢ ᠤᠯᠤᠰ ᠤᠨ ᠲᠦᠷᠭᠡᠨ ᠤ | ᠵᠠᠰᠠᠮᠠᠯ ᠵᠠᠮ ᠤᠨ ᠭᠤᠣᠯ ᠱᠤᠭᠤᠮ ᠤᠨ ᠬᠡᠰᠡᠭ ᠢ ᠪᠦᠭᠦᠨ ᠢ ᠨᠡᠪᠲᠡᠷᠡᠭᠦᠯᠦᠨ᠂ ᠵᠡᠭᠦᠨ ᠪᠠᠷᠠᠭᠤᠨ ᠲᠦᠷᠭᠡᠨ ᠤ ᠵᠠᠰᠠᠮᠠᠯ | ᠵᠠᠮ ᠤᠨ ᠶᠡᠭᠡ ᠨᠡᠪᠳᠡᠷᠡᠯ ᠵᠠᠮ ᠢ ᠵᠠᠯᠭᠠᠵᠤ 108 ᠺᠢᠯᠣᠮᠧᠳ᠋ᠷ ᠵᠠᠰᠠᠭᠰᠠᠭᠠᠷ ᠪᠦᠭᠦ ᠱᠤᠭᠤᠮ ᠢᠶᠠᠷ ᠨᠡᠪᠳᠡᠷᠡᠵᠦ᠂ ᠠᠵᠤ | ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 1085 ᠺᠢᠯᠣᠮᠧᠳ᠋ᠷ ᠡᠬᠢᠯᠡᠭᠦᠯᠦᠨ ᠪᠠᠶᠢᠭᠤᠯᠵᠤ᠂ ︽ᠮᠤᠬᠤᠷ ᠵᠠᠮ︾ | ᠢ 260 ᠺᠢᠯᠣᠮᠧᠳ᠋ᠷ ᠨᠡᠪᠲᠡᠷᠡᠭᠦᠯᠪᠡ︔ ᠪᠠᠶᠢᠭᠤᠯᠵᠤ ᠪᠠᠶᠢᠭ᠎ᠠ ᠲᠦᠷᠭᠡᠨ ᠤ ᠪᠠ ᠬᠤᠷᠳᠤᠨ ᠤ ᠲᠡᠮᠦᠷ ᠵᠠᠮ 1700 | ᠭᠠᠷᠤᠢ ᠺᠢᠯᠣᠮᠧᠳ᠋ᠷ ᠲᠤ ᠬᠦᠷᠪᠡ︔ ︽ᠰᠠᠯᠪᠤᠷᠢ ᠱᠤᠭᠤᠮ ᠤᠨ ᠨᠡᠪᠳᠡᠷᠡᠯ︾ ᠠᠭᠠᠷ ᠤᠨ ᠠᠶᠠᠯᠠᠯ ᠤᠨ ᠱᠤᠭᠤᠮ ᠢ | 29 ᠵᠤᠷᠪᠤᠰ ᠰᠢᠨ᠎ᠡ ᠪᠠᠷ ᠨᠡᠪᠲᠡᠷᠡᠭᠦᠯᠦᠨ᠂ ᠨᠡᠶᠢᠲᠡ 50 ᠵᠤᠷᠪᠤᠰ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ | ᠠᠶᠢᠮᠠᠭ ᠬᠤᠲᠠ ᠶᠢᠨ ᠬᠤᠭᠤᠷᠤᠨᠳᠤᠬᠢ ︽ᠡᠭᠡᠯᠲᠡ ᠪᠤᠴᠠᠯᠲᠠ︾ ᠶᠢᠨ ᠠᠰᠠᠭᠤᠳᠠᠯ ᠢ ᠦᠨᠳᠦᠰᠦᠨ ᠳᠤ ᠪᠠᠨ | ᠰᠢᠢᠳᠪᠦᠷᠢᠯᠡᠪᠡ︔ ᠴᠤᠤᠯ ᠭᠤᠣᠯ ᠤᠨ ᠤᠰᠤ ᠶᠢ ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠤᠰᠤ | ᠳᠠᠮᠵᠢᠭᠤᠯᠬᠤ ᠪᠠᠷᠢᠯᠭ᠎ᠠ ᠶᠢᠨ ᠨᠦᠬᠡᠨ ᠵᠠᠮ ᠤᠨ ᠬᠡᠰᠡᠭ ᠪᠦᠭᠦ ᠱᠤᠭᠤᠮ ᠢᠶᠠᠷ ᠨᠡᠪᠳᠡᠷᠡᠵᠦ᠂ ᠥᠨᠳᠡᠭᠡᠨ ᠤᠰᠤᠨ | ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠳᠤ ᠤᠰᠤ | ᠬᠠᠳᠠᠭᠠᠯᠠᠬᠤ᠂ ᠵᠡᠭᠦᠨ ᠲᠠᠶᠢᠰᠠ ᠤᠰᠤᠨ ᠴᠦᠬᠦᠷᠦᠮ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠪᠠ︔ | 5G ᠰᠠᠭᠤᠷᠢ ᠦᠷᠲᠡᠭᠡ᠂ ᠬᠤᠲᠠ ᠶᠢᠨ ᠤᠯᠠᠨ ᠨᠡᠶᠢᠳᠡ ᠶᠢᠨ ᠴᠠᠬᠢᠯᠭᠠᠨ ᠴᠡᠨᠡᠭᠯᠡᠬᠦ ᠱᠣᠩ ᠢ ᠲᠣᠰ ᠪᠦᠷᠢ 2 | ᠲᠦᠮᠡ ᠰᠢᠨ᠎ᠡ ᠪᠠᠷ ᠨᠡᠮᠡᠭᠳᠡᠭᠦᠯᠪᠡ᠃ ᠬᠡᠷᠡᠭᠯᠡᠭᠡ ᠶᠢᠨ ᠵᠠᠬ᠎ᠠ ᠳᠡᠯᠭᠡᠭᠦᠷ ᠢ ᠲᠦᠷᠭᠡᠬᠡᠨ ᠰᠡᠷᠭᠦᠭᠡᠵᠦ᠂ ᠬᠤᠨᠤᠭ | ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠦᠷᠲᠡᠭ 20.8% ᠨᠡᠮᠡᠭᠳᠡᠵᠦ᠂ ᠮᠠᠰᠢᠨ ᠲᠡᠷᠭᠡᠨ ᠤ | ᠲᠦᠷᠦᠯ ᠤᠨ ᠬᠡᠷᠡᠭᠯᠡᠭᠡ 17.2% ᠨᠡᠮᠡᠭᠳᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ 1.7 ᠲᠠᠬᠢᠨ | ᠨᠡᠮᠡᠭᠳᠡᠵᠦ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤᠮᠳᠠᠭᠠᠨ᠂ ᠬᠤᠪᠴᠠᠰᠤ ᠬᠤᠨᠠᠷ ᠵᠡᠷᠭᠡ ᠲᠠᠯ᠎ᠠ ᠶᠢᠨ | ᠬᠡᠷᠡᠭᠯᠡᠭᠡ ᠴᠥᠮ 25% ᠠᠴᠠ ᠳᠡᠭᠡᠭᠰᠢ ᠨᠡᠮᠡᠭᠳᠡᠪᠡ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠬᠤ ᠲᠤᠭ᠎ᠠ 21. | 5% ᠨᠡᠮᠡᠭᠳᠡᠵᠦ᠂ ᠲᠦᠷᠦᠭᠦᠴᠢ ᠳᠡᠯᠭᠡᠭᠦᠷ ᠪᠠ ᠬᠤᠰᠢᠭᠤᠴᠢ ᠳᠡᠯᠭᠡᠭᠦᠷ ᠢ 147 ᠣᠷᠣᠭᠤᠯᠤᠨ ᠠᠪᠴᠢᠷᠠᠪᠠ᠃ | ᠬᠤᠶᠠᠷ ᠲᠤ ᠬᠡᠯᠬᠢᠶᠡᠰᠦᠯᠡᠯ ᠮᠠᠶ᠋ᠢᠭ ᠤᠨ ᠰᠡᠳᠬᠢᠬᠦᠢ ᠶᠢ ᠪᠠᠷᠢᠮᠲᠠᠯᠠᠵᠤ ᠳᠠᠪᠠᠭᠤᠯᠢᠭ ᠣᠨᠴᠠᠯᠢᠭᠲᠤ ᠠᠵᠤ | ᠦᠢᠯᠡᠰ ᠢᠶᠠᠨ ᠬᠦᠴᠦᠷᠬᠡᠭᠵᠢᠭᠦᠯᠪᠡ᠃ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠳᠠᠷᠤᠭ᠎ᠠ ᠶᠢᠨ ᠳᠦᠷᠢᠮ︾ ᠢ | ᠬᠡᠷᠡᠭᠵᠢᠭᠦᠯᠵᠦ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠲᠦᠷᠦᠯ ᠵᠦᠢᠯ ᠢ 650 ᠠᠬᠢᠭᠤᠯᠤᠨ᠂ | 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 1.4 ᠲᠦᠮᠡᠨ | ᠳ᠋ᠦᠩᠰᠢᠭᠤᠷ ᠲᠥᠭᠦᠷᠢᠭ ᠰᠢᠬᠠᠮ ᠪᠣᠯᠪᠠ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠨᠡᠮᠡᠭᠳᠡᠯ | ᠦᠷᠲᠡᠭ 16.1% ᠨᠡᠮᠡᠭᠳᠡᠨ᠂ ᠪᠦᠭᠦ ᠤᠯᠤᠰ ᠤᠨ ᠲᠠᠩ ᠴᠣᠭᠴᠠᠲᠤ ᠬᠡᠪᠴᠢᠶ᠎ᠡ ᠪᠠᠷ ᠬᠠᠮᠤᠭ ᠤᠨ ᠲᠣᠮᠣ ᠭᠡᠷᠡᠯᠴᠢ | ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠲᠦᠷᠦᠯ ᠵᠦᠢᠯ᠂ ᠤᠯᠤᠰ ᠤᠨ ᠳᠣᠲᠣᠭᠠᠳᠤ ᠳᠠᠬᠢ ᠠᠵᠢᠯᠯᠠᠭᠤᠯᠵᠤ ᠪᠠᠶᠢᠭ᠎ᠠ | ᠡᠬᠡ ᠬᠠᠭᠤᠷᠠᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠬᠠᠮᠤᠭ ᠤᠨ ᠲᠣᠮᠣ ᠰᠠᠭᠤᠷᠢᠨ ᠭᠠᠵᠠᠷ᠂ | ᠳᠡᠯᠡᠬᠡᠢ ᠶᠢᠨ ᠠᠩᠬᠠᠳᠠᠭᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠣᠰᠣᠳᠦ᠋ᠷᠦᠭᠴᠢ ᠨᠥᠭᠡᠴᠡᠯᠡᠬᠦ | ᠦᠢᠯᠡᠳᠪᠦᠷᠢᠯᠡᠯ ᠤᠨ ᠱᠤᠭᠤᠮ ᠢ ᠪᠠᠶᠢᠭᠤᠯᠪᠠ︔ ᠰᠠᠯᠬᠢ ᠭᠡᠷᠡᠯ ᠣᠰᠤᠳᠦ᠋ᠷᠦᠭᠴᠢ ᠨᠥᠭᠡᠴᠡ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠦᠷᠲᠡᠭ 2762 ᠳ᠋ᠦᠩᠰᠢᠭᠤᠷ ᠲᠥᠭᠦᠷᠢᠭ ᠲᠤ | ᠬᠦᠷᠴᠦ᠂ ᠭᠦᠬᠡᠬᠤᠲᠠ ᠪᠤᠭᠤᠲᠤ ᠣᠷᠳᠣᠰ ᠲᠦᠩᠯᠢᠶᠣᠣ ᠶᠢᠨ 4 ᠰᠠᠭᠤᠷᠢᠨ ᠭᠠᠵᠠᠷ ᠤᠨ ᠡᠵᠡᠯᠡᠬᠦ ᠬᠠᠷᠢᠴᠠᠯ | 80% ᠳᠤ ᠬᠦᠷᠪᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠨᠡᠮᠡᠭᠳᠡᠯ ᠦᠷᠲᠡᠭ 15.4% ᠨᠡᠮᠡᠭᠳᠡᠵᠦ᠂ ᠨᠡᠭᠦᠷᠡᠰᠦᠨ ᠤ ᠨᠠᠷᠢᠯᠢᠭ ᠭᠦᠨ ᠪᠤᠯᠪᠠᠰᠤᠷᠠᠭᠤᠯᠬᠤ ᠲᠦᠷᠦᠯ ᠵᠦᠢᠯ ᠢ | 34 ᠬᠡᠷᠡᠭᠵᠢᠭᠦᠯᠦᠨ᠂ 11 ᠶᠢ ᠨᠢ ᠠᠰᠢᠭᠯᠠᠯᠲᠠ ᠳᠤ ᠣᠷᠣᠭᠤᠯᠵᠤ᠂ ᠪᠦᠭᠦ ᠪᠥᠮᠪᠥᠷᠴᠡᠭ ᠤᠨ ᠬᠠᠮᠤᠭ ᠤᠨ ᠲᠣᠮᠣ | ᠪᠣᠬᠢᠷᠳᠤᠯ ᠦᠭᠡᠢ ᠤᠰᠤᠳᠥ᠋ᠷᠦᠭᠴᠢ ᠪᠠ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢ ᠡᠪᠴᠡᠯᠳᠦᠭᠦᠯᠬᠦ | ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠡᠭᠦᠷᠡᠰᠦ ᠪᠠᠷ ᠡᠲ᠋ᠠ ᠬᠤᠶᠠᠷᠴᠢ ᠠᠯᠺᠤᠤᠯ | ᠦᠢᠯᠡᠳᠬᠦ᠂ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠴᠥᠮ ᠪᠦᠭᠦ | ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠲᠡᠭ | 21% ᠨᠡᠮᠡᠭᠳᠡᠵᠦ᠂ ᠳᠤᠮᠳᠠ ᠶᠢᠨ ᠪᠠ ᠬᠦᠨᠳᠦ ᠬᠤᠪᠣᠷ ᠰᠢᠷᠦ᠋ᠢᠲᠤ ᠲᠡᠮᠦᠷᠯᠢᠭ ᠤᠨ ᠦᠢᠯᠡᠳᠬᠦᠨ ᠢ | ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ 10 ᠲᠦᠮᠡᠨ ᠲᠤᠨ ᠤ ᠲᠡᠰ ᠤᠨ ᠪᠦᠭᠦ ᠪᠥᠮᠪᠥᠷᠴᠡᠭ ᠤᠨ | ᠬᠠᠮᠤᠭ ᠤᠨ ᠲᠣᠮᠣ ᠬᠤᠪᠣᠷ ᠰᠢᠷᠣᠢ ᠶᠢᠨ ᠪᠣᠬᠢᠷᠳᠤᠯ ᠦᠭᠡᠢ ᠬᠠᠶᠢᠯᠤᠭᠤᠯᠬᠤ ᠲᠦᠷᠦᠯ ᠵᠦᠢᠯ ᠢ ᠡᠬᠢᠯᠡᠭᠦᠯᠦᠨ᠂ | ᠬᠤᠪᠣᠷ ᠰᠢᠷᠣᠢ᠂ ᠨᠢᠦᠪᠢ᠂ ᠯᠢᠲ᠋ᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠶᠢᠨ ᠰᠢᠨᠵᠢᠯᠲᠡ | ᠰᠢᠨ᠎ᠡ ᠰᠢᠪᠲᠤᠯᠤᠯᠲᠠ ᠲᠠᠢ ᠪᠣᠯᠬᠤ ᠶᠢ ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠲᠡᠭ 11.6% ᠨᠡᠮᠡᠭᠳᠡᠵᠦ᠂ ᠡᠳ᠋ᠰᠢᠭᠦᠯᠵᠦ | ᠤᠯᠠᠷᠢᠭᠤᠯᠤᠭᠰᠠᠨ ᠨᠤᠷᠮ᠎ᠠ 72% ᠲᠤ ᠬᠦᠷᠴᠦ᠂ ᠰᠦ ᠰᠠᠭᠠᠯᠢ ᠶᠢᠨ ᠦᠢᠯᠡᠰ᠂ ᠲᠥᠮᠥᠰᠥ ᠶᠢᠨ ᠤᠯᠤᠰ ᠤᠨ | ᠲᠡᠰ ᠤᠨ ᠠᠵᠤ ᠦᠢᠯᠡᠰ ᠤᠨ ᠪᠦᠯᠦᠭᠵᠢᠯ ᠢ 2 ᠪᠠ ᠤᠯᠤᠰ ᠤᠨ ᠲᠡᠰ ᠤᠨ ᠣᠳᠣ ᠦᠶ᠎ᠡ ᠶᠢᠨ ᠠᠵᠤ ᠦᠢᠯᠡᠰ ᠤᠨ | ᠬᠦᠷᠢᠶᠡᠯᠡᠩ ᠢ 3᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠰᠢᠨ᠎ᠡ ᠪᠠᠷ ᠡᠭᠦᠳᠦᠨ ᠪᠠᠶᠢᠭᠤᠯᠵᠤ᠂ | ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠪᠦᠭᠦ ᠤᠯᠤᠰ ᠲᠤ ᠲᠦᠷᠦᠭᠦᠯᠡᠨ᠂ ᠪᠦᠭᠦ ᠪᠥᠮᠪᠥᠷᠴᠡᠭ ᠤᠨ ᠬᠠᠮᠤᠭ ᠤᠨ | ᠲᠣᠮᠣ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠬᠥᠮᠥᠷᠭᠡ᠂ ᠤᠯᠤᠰ ᠤᠨ ᠬᠤᠨᠢ ᠢᠮᠠᠭᠠᠨ ᠤ | ᠤᠳᠤᠮᠯᠠᠯ ᠤᠨ ᠦᠨᠡᠯᠡᠨ ᠵᠢᠱᠢᠯᠲᠡ ᠶᠢᠨ ᠲᠥᠪ ᠢ ᠪᠠᠶᠢᠭᠤᠯᠵᠤ᠂ ᠠᠯᠠᠰᠢᠨ ᠬᠤᠨᠢᠨ ᠤ ᠠᠵᠤ ᠦᠢᠯᠡᠰ ᠤᠨ | ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠡᠰ ᠲᠤ ᠬᠦᠷᠪᠡ᠃ | ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠰᠢᠨ᠎ᠡ ᠰᠢᠪᠲᠤᠯᠤᠯᠲᠠ | ᠭᠠᠷᠬᠤ ᠶᠢ ᠠᠬᠢᠭᠤᠯᠪᠠ᠃ ᠪᠦᠭᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠷᠤᠯᠭ᠎ᠠ 81.9% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 314᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 950 ᠰᠢᠨ᠎ᠡ ᠪᠠᠷ ᠨᠡᠮᠡᠭᠳᠡᠪᠡ᠃ 6 | ᠬᠥᠮᠥᠨ ︽ᠬᠥᠬᠡᠮᠥ᠋ᠷᠡᠨ ᠨᠡᠷᠡᠮᠵᠢᠲᠦ ᠱᠠᠩᠨᠠᠯ ᠢ ᠣᠯᠣᠭᠰᠠᠨ ᠡᠷᠳᠡᠮᠲᠡᠨ︾᠂ ︽ᠤᠯᠤᠰ ᠤᠨ ᠭᠠᠷᠮᠠᠭᠠᠢ | ᠵᠠᠯᠠᠭᠤᠴᠤᠳ︾ ᠲᠤ ᠰᠢᠨ᠎ᠡ ᠪᠠᠷ ᠰᠣᠩᠭᠤᠭᠳᠠᠪᠠ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠥᠪ 10 ᠠᠺᠠᠳᠧᠮᠢᠴᠢ᠂ ᠵᠠᠭᠤ ᠭᠠᠷᠤᠢ ᠰᠢᠨᠵᠢᠯᠡᠬᠦ ᠤᠬᠠᠭᠠᠨᠲᠠᠨ ᠢ ᠴᠤᠭᠯᠠᠭᠤᠯᠵᠤ᠂ | ᠪᠣᠳᠠᠲᠤ ᠴᠣᠭᠴᠠᠵᠢᠭᠤᠯᠤᠨ ᠡᠵᠡᠩᠨᠡᠵᠦ ᠠᠵᠢᠯᠯᠠᠭᠤᠯᠬᠤ ᠶᠢ ᠪᠡᠶᠡᠯᠡᠭᠦᠯᠪᠡ᠂ ᠰᠦ ᠰᠠᠭᠠᠯᠢ ᠶᠢᠨ ᠦᠢᠯᠡᠰ᠂ | ᠡᠪᠡᠰᠦᠨ ᠤ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ | 24 ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠭᠠᠷᠭᠠᠵᠤ᠂ ᠲᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ | ᠲᠠᠰᠤᠭ᠂ ᠣᠷᠳᠣᠰ ᠤᠨ ᠲᠤᠷᠰᠢᠯᠲᠠ ᠶᠢᠨ ᠲᠠᠰᠤᠭ ᠪᠠ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ | ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠵᠧᠵᠢᠶᠠᠩ ᠶᠡᠭᠡ ᠰᠤᠷᠭᠠᠭᠤᠯᠢ - ᠪᠤᠭᠤᠲᠤ ᠶᠢᠨ ᠴᠠᠬᠢᠭᠤᠷᠲᠤ | ᠮᠠᠲ᠋ᠧᠷᠢᠶᠠᠯ ᠤᠨ ᠬᠤᠯᠪᠤᠭᠠᠯᠠᠨ ᠰᠤᠳᠤᠯᠬᠤ ᠲᠥᠪ᠂ ᠲᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠪᠠᠶᠠᠨᠨᠠᠭᠤᠷ ᠲᠠᠬᠢ ᠰᠤᠳᠤᠯᠭᠠᠨ ᠤ ᠬᠦᠷᠢᠶᠡᠯᠡᠩ ᠵᠠᠯᠭᠠᠭ᠎ᠠ ᠪᠠᠷ ᠪᠠᠶᠢᠭᠤᠯᠤᠭᠳᠠᠵᠤ᠂ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠷᠳᠣᠰ ᠲᠠᠬᠢ ᠰᠢᠨ᠎ᠡ ᠡᠨᠧᠷᠭᠢ ᠶᠢᠨ ᠳᠡᠭᠡᠳᠦ | ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠪᠠ᠃ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ | ᠲᠥᠯᠥᠪᠯᠡᠭᠡ ᠶᠢᠨ ᠲᠦᠷᠦᠯ ᠵᠦᠢᠯ ᠢ 9 ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠵᠦᠢᠯ ᠢ 38 ᠬᠡᠷᠡᠭᠵᠢᠭᠦᠯᠦᠨ᠂ ᠰᠢᠨ᠎ᠡ ᠡᠭᠦᠳᠦᠯᠲᠡ ᠶᠢᠨ | ᠬᠤᠯᠪᠣᠭᠠᠲᠤ ᠴᠣᠭᠴᠠ ᠶᠢ 70 ᠪᠠᠶᠢᠭᠤᠯᠵᠤ᠂ ᠠᠭᠤᠷᠬᠠᠢ ᠶᠢᠨ ᠣᠶᠤᠨᠴᠢ ᠮᠠᠰᠢᠨ ᠬᠥᠮᠥᠨ᠂ ᠬᠤᠪᠣᠷ ᠰᠢᠷᠣᠢ ᠶᠢᠨ | ᠦᠢᠯᠡᠳᠬᠦᠨ ᠦᠢᠯᠡᠳᠴᠦ ᠪᠦᠲᠦᠭᠡᠬᠦ᠂ ᠡᠷᠴᠢᠯᠡᠭᠦᠷ ᠬᠦᠷᠳᠦ ᠪᠠᠷ ᠡᠨᠧᠷᠭᠢ ᠨᠥᠭᠡᠴᠡᠯᠡᠬᠦ ᠵᠡᠷᠭᠡ ᠶᠢ ᠰᠤᠳᠤᠯᠤᠨ | ᠨᠡᠭᠡᠭᠡᠵᠦ ᠬᠡᠷᠡᠭᠯᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠭᠠᠷᠭᠠᠵᠤ᠂ ᠮᠧᠩ ᠺᠧ ᠵᠢᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠤᠨ ᠦᠢᠯᠡᠳᠦᠯ ᠲᠣᠳᠣᠷᠠᠵᠤ᠂ | ᠪᠦᠭᠦ ᠣᠷᠣᠨ ᠤ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠲᠤᠭ᠎ᠠ 45.3% ᠨᠡᠮᠡᠭᠳᠡᠵᠦ᠂ ᠠᠷᠠᠯᠵᠢᠶᠠᠯᠠᠭᠰᠠᠨ | ᠲᠤᠭ᠎ᠠ 17.6% ᠨᠡᠮᠡᠭᠳᠡᠪᠡ᠃ | ᠳᠥᠷᠪᠡ ᠳᠤ ᠬᠦᠴᠢᠷ ᠠᠰᠠᠭᠤᠳᠠᠯ ᠢ ᠥᠭᠡᠷᠡᠴᠢᠯᠡᠯᠲᠡ ᠶᠢᠨ ᠠᠷᠭ᠎ᠠ ᠪᠠᠷ ᠠᠷᠢᠯᠭᠠᠨ ᠰᠢᠢᠳᠪᠦᠷᠢᠯᠡᠬᠦ ᠶᠢ ᠨᠡᠩ | ᠶᠡᠭᠡ ᠴᠢᠬᠤᠯᠠᠴᠢᠯᠠᠨ ᠦᠵᠡᠪᠡ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠳᠤ | ᠬᠠᠨᠳᠤᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ | ᠬᠠᠮᠢᠶᠠᠷᠬᠤ︾ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠤᠨ ᠪᠦᠭᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠳᠠᠬᠢ ᠦᠢᠯᠡᠴᠢᠯᠡᠭᠡ ᠪᠠᠨ ᠴᠢᠩᠭᠠᠷᠠᠭᠤᠯᠤᠨ᠂ ᠬᠠᠯᠠᠮᠰᠢᠯ ᠤᠲᠠᠰᠤ 12345 ᠶᠢᠨ ᠭᠤᠮᠣᠳᠠᠯ | ᠱᠠᠭᠠᠷᠳᠠᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠰᠠᠷ᠎ᠠ ᠪᠣᠯᠭᠠᠨ ᠨᠡᠷᠡᠰ ᠤᠨ ᠵᠢᠭᠰᠠᠭᠠᠯᠲᠠ ᠭᠠᠷᠭᠠᠵᠤ | ᠨᠡᠪᠲᠡᠷᠡᠭᠦᠯᠦᠨ ᠮᠡᠳᠡᠭᠡᠯᠡᠵᠦ᠂ ᠬᠤᠶᠢᠭᠤᠷ ᠵᠢᠭᠰᠠᠭᠠᠭᠳᠠᠵᠤ ᠪᠠᠶᠢᠭ᠎ᠠ ᠲᠠᠢ ᠨᠢ ᠪᠣᠯᠵᠣᠨ ᠶᠠᠷᠢᠯᠴᠠᠵᠤ᠂ ᠤᠯᠠᠮ ᠤᠯᠠᠨ | ᠠᠵᠤ ᠠᠬᠤᠶᠢᠯᠠᠯ ᠪᠠ ᠠᠷᠠᠳ ᠲᠦᠮᠡᠨ ᠬᠠᠯᠠᠮᠰᠢᠯ ᠤᠲᠠᠰᠤ ᠪᠠᠷ ᠲᠠᠮᠵᠢᠵᠦ ᠲᠦᠷᠦ ᠶᠢᠨ ᠪᠣᠳᠣᠯᠭ᠎ᠠ ᠶᠢ | ᠣᠶᠢᠯᠠᠭᠠᠭᠰᠠᠨ ᠪᠠ ᠠᠰᠠᠭᠤᠳᠠᠯ ᠢᠶᠠᠨ ᠰᠢᠢᠳᠪᠦᠷᠢᠯᠡᠵᠦ᠂ ᠪᠦᠭᠦ ᠵᠢᠯ ᠳᠤ ᠡᠯ᠎ᠡ ᠲᠦᠷᠦᠯ ᠤᠨ ᠭᠤᠮᠣᠳᠠᠯ | ᠱᠠᠭᠠᠷᠳᠠᠯᠭ᠎ᠠ ᠶᠢ 641 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ ᠭᠦᠢᠴᠡᠳᠬᠡᠵᠦ ᠳᠠᠭᠤᠰᠬᠠᠭᠰᠠᠨ | ᠨᠤᠷᠮ᠎ᠠ 95% ᠠᠴᠠ ᠳᠡᠭᠡᠭᠰᠢ ᠳᠤ ᠬᠦᠷᠪᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ ᠵᠦᠢᠯᠡᠰ ᠢ | 268 ᠬᠦᠴᠦᠨ ᠦᠭᠡᠢ ᠪᠤᠯᠭᠠᠨᠨᠰᠠᠨ ᠪᠠ ᠳᠣᠷᠣᠭᠰᠢ ᠪᠠᠭᠤᠯᠭᠠᠵᠤ᠂ ᠠᠵᠤ ᠦᠢᠯᠡᠳᠪᠦᠷᠢ ᠳᠤ ᠬᠡᠷᠡᠭᠯᠡᠬᠦ | ᠬᠡᠰᠡᠭᠯᠡᠭᠰᠡᠨ ︽ᠪᠠᠷᠢᠮᠵᠢᠶᠠᠲᠤ ᠭᠠᠵᠠᠷ︾ ᠢ 332 ᠲᠥᠯᠥᠪᠦᠷᠢᠲᠡᠢ ᠰᠢᠯᠵᠢᠭᠦᠯᠦᠨ᠂ ᠬᠦᠷᠢᠶᠡᠯᠡᠩ ᠲᠣᠭᠤᠷᠢᠭ ᠪᠠ | ᠲᠣᠰᠬᠤᠨ ᠤ ᠱᠠᠲᠤ ᠪᠦᠬᠦᠨ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢ ᠬᠠᠮᠤᠷᠤᠭᠤᠯᠬᠤ ᠶᠢ | ᠪᠡᠶᠡᠯᠡᠭᠦᠯᠵᠦ᠂ ︽ᠵᠠᠰᠠᠭ ᠤᠨ ᠶᠠᠪᠤᠳᠠᠯ + ᠰᠢᠭᠤᠳ ᠨᠡᠪᠲᠡᠷᠡᠭᠦᠯᠭᠡ︾ ᠦᠢᠯᠡᠴᠢᠯᠡᠭᠡᠨ ᠤ ᠰᠢᠨ᠎ᠡ ᠵᠠᠭᠪᠤᠷ ᠨᠢ | ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠪᠠᠨ | ᠳᠡᠭᠡᠭᠰᠢᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠲᠤᠰᠬᠠᠯ ᠴᠢᠩᠭ᠎ᠠ ᠠᠰᠠᠭᠤᠳᠠᠯ ᠳᠤ ᠬᠠᠨᠳᠤᠭᠤᠯᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ | 1293 ᠳ᠋ᠦᠩᠰᠢᠭᠤᠷ ᠲᠥᠭᠦᠷᠢᠭ ᠤᠨ ᠳᠠᠩᠰᠠᠨ ᠳᠠᠬᠢ ᠵᠣᠭᠤᠰ ᠢ ᠲᠥᠯᠥᠵᠦ ᠳᠠᠭᠤᠰᠬᠠᠨ᠂ ᠠᠵᠤ ᠠᠬᠤᠶᠢᠯᠠᠯ ᠳᠤ | ᠨᠢᠭᠡ ᠪᠦᠯᠦᠭ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠤᠨ | ᠠᠰᠠᠭᠤᠳᠠᠯ ᠢ ᠰᠢᠢᠳᠪᠦᠷᠢᠯᠡᠨ ᠥᠭᠴᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ | ᠪᠤᠴᠠᠭᠠᠵᠤ ᠬᠤᠶᠢᠰᠢᠯᠠᠭᠤᠯᠤᠨ ᠲᠤᠰᠢᠶᠠᠬᠤ ᠵᠠᠷᠤᠳᠠᠯ ᠢ 341 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ᠂ | 2 ᠠᠵᠤ ᠠᠬᠤᠶᠢᠯᠠᠯ ᠠᠮᠵᠢᠯᠲᠠᠲᠠᠢ ᠪᠠᠷ ᠵᠠᠬ᠎ᠠ ᠳᠤ ᠭᠠᠷᠴᠤ᠂ 5 ᠠᠵᠤ ᠠᠬᠤᠶᠢᠯᠠᠯ ᠪᠦᠭᠦ ᠤᠯᠤᠰ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠡᠩᠨᠡᠭᠡᠨ ᠳᠤ ᠵᠢᠭᠰᠠᠭᠠᠭᠳᠠᠵᠤ᠂ ᠪᠦᠭᠦ | ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠭᠦ | ᠣᠷᠣᠯᠭ᠎ᠠ 1 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ | ᠪᠠᠭᠤᠷᠠᠢ ᠪᠠᠶᠢᠭ᠎ᠠ ᠣᠳᠣᠬᠢ ᠪᠠᠶᠢᠳᠠᠯ ᠳᠤ ᠬᠠᠨᠳᠤᠭᠤᠯᠵᠤ᠂ ︽ᠪᠦᠰᠡᠯᠡᠯᠲᠡ ᠰᠢᠪᠲᠤᠯᠬᠤ︾ ᠠᠵᠢᠯᠯᠠᠭᠠᠨ ᠢ | ᠥᠷᠨᠢᠭᠦᠯᠵᠦ᠂ ᠠᠯᠳᠠᠭᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠪᠠ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠴᠤ | ᠪᠠᠶᠢᠭ᠎ᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 70% ᠨᠡᠮᠡᠭᠳᠡᠵᠦ᠂ ᠪᠤᠭᠤᠲᠤ ᠶᠢᠨ | ᠪᠣᠯᠣᠳ ᠲᠡᠮᠦᠷ ᠤᠨ ᠪᠦᠯᠦᠭᠯᠡᠯ ᠤᠨ ᠠᠰᠢᠭ ᠣᠯᠵᠠᠪᠤᠷᠢ 53 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ | ᠤᠯᠤᠰ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ | ᠤᠷᠤᠭᠰᠢ ᠪᠠᠨ 24 ᠨᠡᠷ᠎ᠡ ᠲᠡᠪᠰᠢᠨ᠂ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ ᠤᠨ ᠪᠡᠯᠡ ᠬᠥᠷᠥᠩᠭᠡ ᠶᠢᠨ | ᠶᠡᠷᠦᠩᠬᠡᠢ ᠲᠤᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠵᠠᠮ ᠬᠠᠷᠢᠯᠴᠠᠭᠠᠨ ᠤ ᠪᠦᠯᠦᠭᠯᠡᠯ᠂ ᠤᠯᠠᠨ | ᠤᠯᠤᠰ ᠤᠨ ᠠᠷᠠᠯᠵᠢᠶᠠᠨ ᠤ ᠪᠦᠯᠦᠭᠯᠡᠯ ᠢ ᠰᠢᠨ᠎ᠡ ᠪᠠᠷ ᠵᠣᠬᠢᠶᠠᠨ ᠪᠠᠶᠢᠭᠤᠯᠪᠠ᠃ ᠨᠡᠭᠡᠭᠡᠯᠲᠡ ᠬᠢᠬᠦ ᠠᠮᠢᠵᠢᠷᠠᠯ ᠤᠨ | ᠬᠦᠴᠦᠨ ᠢᠶᠠᠷ ᠳᠤᠲᠠᠮᠠᠭ ᠪᠠᠶᠢᠳᠠᠯ ᠳᠤ ᠬᠠᠨᠳᠤᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ 32 ᠵᠤᠷᠪᠤᠰ ᠢ ᠨᠡᠶᠢᠲᠡᠯᠡᠨ᠂ ᠮᠠᠨᠵᠤᠤᠷ ᠬᠢᠯᠢ ᠶᠢᠨ | ᠪᠣᠭᠤᠮᠲᠠ ᠶᠢᠨ ᠲᠣᠮᠳᠠᠲᠤ ᠤᠷᠤᠰ ᠤᠨ ᠪᠦᠯᠭᠦᠮ ᠢᠶᠠᠷ ᠵᠢᠭᠤᠯᠴᠢᠯᠠᠬᠤ ᠳᠤ ᠸᠢᠰᠠ ᠲᠠᠮᠠᠭᠠᠯᠠᠬᠤ ᠶᠢ ᠬᠠᠷᠢᠯᠴᠠᠨ | ᠬᠡᠯᠲᠦᠷᠢᠭᠦᠯᠬᠦ᠂ ᠡᠷᠢᠶᠡᠨ ᠬᠤᠲᠠ ᠬᠢᠯᠢ ᠶᠢᠨ ᠪᠣᠭᠤᠮᠲᠠ ᠪᠠᠷ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ | ᠲᠡᠷᠭᠡ ᠬᠥᠰᠬᠡ ᠶᠢ ᠥᠩᠭᠡᠷᠡᠭᠦᠯᠬᠦ ᠪᠣᠳᠣᠯᠭ᠎ᠠ ᠶᠢ ᠰᠡᠷᠭᠦᠭᠡᠵᠦ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠠᠷᠠᠯᠵᠢᠶᠠᠨ ᠤ ᠲᠤᠭ᠎ᠠ 3 ᠲᠠᠬᠢᠨ ᠰᠢᠬᠠᠮ ᠨᠡᠮᠡᠭᠳᠡᠨ᠂ ᠪᠦᠭᠦ ᠣᠷᠣᠨ ᠤ ᠬᠢᠯᠢ ᠶᠢᠨ ᠪᠣᠭᠤᠮᠲᠠ ᠪᠠᠷ | ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠡᠬᠡ ᠬᠠᠭᠤᠷᠠᠢ ᠶᠢᠨ | ᠬᠢᠯᠢ ᠳᠠᠭᠠᠤ ᠬᠢᠯᠢ ᠶᠢᠨ ᠪᠣᠭᠤᠮᠲᠠ ᠶᠢᠨ ᠲᠡᠮᠳᠡᠭᠯᠡᠯ ᠢ ᠰᠢᠨᠡᠳᠬᠡᠨ᠂ ᠣᠷᠣᠨ ᠳᠤ ᠢᠷᠡᠵᠦ ᠠᠶᠠᠯᠠᠬᠤ ᠳᠤᠮᠳᠠᠳᠤ | ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ 429 ᠬᠦᠷᠴᠦ᠂ 73.7% ᠨᠡᠮᠡᠭᠳᠡᠨ᠂ ᠮᠠᠰᠢᠨ ᠴᠠᠬᠢᠯᠭᠠᠨ ᠤ | ᠦᠢᠯᠡᠳᠬᠦᠨ ᠤ ᠭᠠᠳᠠᠭᠠᠳᠤ ᠭᠠᠷᠭᠠᠯᠲᠠ 118.9% ᠨᠡᠮᠡᠭᠳᠡᠵᠦ᠂ ᠴᠠᠬᠢᠯᠭᠠᠨ ᠬᠦᠳᠡᠯᠭᠡᠭᠦᠷᠲᠦ ᠬᠥᠮᠥᠨ | ᠠᠴᠢᠶᠠᠯᠠᠬᠤ ᠮᠠᠰᠢᠨ ᠲᠡᠷᠭᠡ ᠵᠡᠷᠭᠡ ︽ᠭᠤᠷᠪᠠᠨ ᠰᠢᠨ᠎ᠡ ᠲᠦᠷᠦᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ | 48 ᠳᠠᠬᠢᠨ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ | 167 ᠰᠢᠨ᠎ᠡ ᠪᠠᠷ ᠲᠣᠬᠢᠷᠠᠭᠤᠯᠵᠤ᠂ 3.2 ᠳᠠᠬᠢᠨ ᠨᠡᠮᠡᠭᠳᠡᠨ᠂ ᠭᠠᠳᠠᠭᠠᠳᠤ ᠪᠡᠯᠡ ᠶᠢ ᠬᠡᠷᠡᠭᠯᠡᠭᠰᠡᠨ ᠪᠣᠳᠠᠲᠠᠢ ᠲᠤᠭ᠎ᠠ | 55.8 ᠳ᠋ᠦᠩᠰᠢᠭᠤᠷ ᠲᠥᠭᠦᠷᠢᠭ ᠲᠤ ᠬᠦᠷᠴᠦ᠂ 61.5% ᠨᠡᠮᠡᠭᠳᠡᠪᠡ᠃ ᠬᠢᠯᠢ ᠰᠤᠨᠳᠠᠯᠠᠨ ᠬᠤᠷᠢᠶᠠᠭᠰᠠᠨ ᠪᠠ | ᠥᠭᠭᠦᠭᠰᠡᠨ ᠠᠷᠠᠳ ᠤᠨ ᠵᠣᠭᠤᠰ ᠤᠨ ᠲᠤᠭ᠎ᠠ 2584.2 ᠳ᠋ᠦᠩᠰᠢᠭᠤᠷ ᠲᠥᠭᠦᠷᠢᠭ ᠲᠤ ᠬᠦᠷᠴᠦ᠂ 99.8% | ᠨᠡᠮᠡᠭᠳᠡᠪᠡ᠃ | ᠲᠠᠪᠤ ᠳᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠪᠠᠨ ᠴᠢᠩᠭᠠᠳᠬᠠᠪᠠ᠃ ᠥᠪᠡᠷᠲᠡᠭᠡᠨ | ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠰᠠᠶᠢᠲᠤᠷ ᠠᠳᠬᠤᠵᠤ᠂ ︽ᠳᠤᠷ᠎ᠠ ᠪᠠᠷ | ᠦᠢᠯᠡᠳᠬᠦ ᠳᠥᠷᠪᠡ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠠᠬᠢᠭᠤᠯᠵᠤ᠂ ᠰᠠᠶᠢᠷᠭᠠᠯ ᠤᠨ ᠣᠷᠣᠨ ᠤ 770 | ᠡᠷᠦᠬᠡ᠂ 1853 ᠬᠥᠮᠥᠨ ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠶᠢ ᠴᠠᠭᠠᠵᠠᠯᠠᠵᠤ ᠬᠢᠵᠠᠭᠠᠷᠯᠠᠬᠤ ᠣᠨ ᠤ | ᠡᠭᠦᠷᠭᠡ ᠪᠠᠨ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠰᠢᠷᠠᠤ᠋ᠰᠤᠨ ᠭᠤᠣᠯ ᠤᠨ ᠬᠢᠯᠢ ᠳᠣᠲᠣᠷᠠᠬᠢ | ᠬᠡᠰᠡᠭ ᠢ ᠬᠠᠮᠠᠭᠠᠯᠠᠵᠤ ᠵᠠᠰᠠᠭᠰᠠᠨ ᠨᠢ ᠪᠦᠬᠦ ᠤᠯᠤᠰ ᠤᠨ ᠦᠵᠡᠰᠬᠦᠯᠡᠩᠲᠦ ᠨᠠᠭᠤᠷ ᠭᠤᠣᠯ ᠤᠨ ᠰᠢᠯᠢᠳᠡᠭ | ᠵᠢᠱᠢᠶ᠎ᠡ ᠪᠠᠷ ᠰᠣᠩᠭᠤᠭᠳᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ | ᠰᠠᠶᠢᠲᠤᠷ ᠬᠢᠵᠦ᠂ 21.3 ᠲᠦᠮᠡᠨ ᠡᠷᠦᠭᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠵᠦ ᠰᠢᠨᠡᠳᠬᠡᠬᠦ ᠠᠵᠢᠯ ᠢ | ᠪᠡᠶᠡᠯᠡᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠴᠠᠭᠠᠨᠨᠠᠭᠤᠷ ᠵᠡᠷᠭᠡ ᠶᠢ | ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠤᠯᠤᠰ ᠲᠤ ᠦᠨᠡᠯᠡᠭᠳᠡᠨ ᠨᠤᠲᠠᠯᠠᠭᠳᠠᠵᠤ᠂ ᠤᠯᠠᠭᠠᠨᠰᠤᠬᠠᠢ ᠨᠠᠭᠤᠷ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠪᠦᠬᠦ ᠣᠷᠣᠨ ᠤ | ᠤᠯᠤᠰ ᠤᠨ ᠰᠢᠯᠭᠠᠨ ᠬᠢᠨᠠᠬᠤ ᠭᠠᠵᠠᠷ ᠳᠡᠭᠡᠷᠡᠬᠢ ᠤᠰᠤᠨ ᠤ ᠣᠭᠲᠣᠯᠣᠭᠠᠰᠤ ᠶᠢᠨ ᠤᠰᠤᠨ ᠤ ᠴᠢᠨᠠᠷ ᠤᠨ ᠰᠢᠯᠢᠳᠡᠭ | ᠰᠠᠶᠢᠨ ᠪᠠᠷᠢᠮᠵᠢᠶ᠎ᠠ ᠳᠤ ᠬᠦᠷᠦᠭᠦᠯᠬᠦ ᠬᠠᠷᠢᠴᠠᠯ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ PM2. | 5 ᠶᠢᠨ ᠥᠳᠬᠡᠴᠡ ᠲᠡᠦᠬᠡᠨ ᠳᠠᠬᠢ ᠬᠠᠮᠤᠭ ᠰᠠᠶᠢᠨ ᠲᠦᠪᠰᠢᠨ ᠳᠤ ᠬᠦᠷᠪᠡ᠃ ᠪᠦᠬᠦ ᠲᠠᠯ᠎ᠠ ᠪᠠᠷ ᠠᠷᠪᠢᠯᠠᠨ | ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ | ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ 9326 ᠲᠦᠷᠦᠯ ᠵᠦᠢᠯ ᠤᠨ | ᠵᠥᠪᠰᠢᠶᠡᠷᠡᠵᠦ ᠪᠣᠯᠬᠤ ᠪᠦᠬᠦᠨ ᠢ ᠨᠢ ᠵᠥᠪᠰᠢᠶᠡᠷᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠪᠠ ᠰᠤᠯᠠ | ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠨᠢ ᠨᠡᠶᠢᠯᠡᠭᠡᠳ 40 ᠲᠦᠮᠡᠨ ᠮᠦ ᠠᠴᠠ | ᠳᠠᠪᠠᠵᠤ᠂ ᠠᠩᠬᠠᠨ ᠤ ᠪᠦᠯᠦᠭ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠮᠤᠵᠢ ᠠᠯᠤᠰᠯᠠᠨ ᠠᠷᠠᠯᠵᠢᠶᠠᠯᠠᠬᠤ ᠶᠢ | ᠪᠡᠶᠡᠯᠡᠭᠦᠯᠵᠦ᠂ ︽ᠬᠠᠭᠠᠰ ᠳᠤᠲᠠᠭᠤ ᠣᠷᠬᠢᠭᠳᠠᠭᠰᠠᠨ︾ ᠢᠨᠵᠧᠨᠧᠷᠢᠩ ᠢ ᠰᠡᠷᠭᠦᠭᠡᠬᠦ ᠪᠠ ᠨᠡᠭᠡᠭᠡᠯᠲᠡ ᠶᠢᠨ | ᠲᠣᠭᠤᠷᠢᠭ ᠤᠨ ︽ᠲᠦᠢᠯᠪᠤᠷᠢᠲᠠᠢ ᠰᠢᠢᠳᠪᠦᠷᠢᠯᠡᠯᠲᠡ︾ ᠶᠢ ᠦᠨᠳᠦᠰᠦᠨ ᠳᠤ ᠪᠠᠨ ᠪᠡᠶᠡᠯᠡᠭᠦᠯᠪᠡ᠂ ᠲᠠᠷᠢᠶᠠᠯᠠᠩ ᠤᠨ | ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠳ᠋ᠷ ᠲᠤ ᠬᠦᠷᠴᠦ᠂ ᠲᠠᠷᠢᠶᠠᠨ ᠭᠠᠵᠠᠷ ᠢ ᠤᠰᠤᠯᠠᠬᠤ | ᠤᠰᠤ ᠶᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ ᠨᠢ ᠠᠩᠬ᠎ᠠ ᠤᠳᠠᠭ᠎ᠠ ᠤᠯᠤᠰ ᠤᠨ ᠳᠤᠮᠳᠠᠴᠢ ᠲᠦᠪᠰᠢᠨ ᠠᠴᠠ | ᠳᠠᠪᠠᠵᠤ᠂ ᠨᠡᠭᠦᠷᠡᠰᠦᠲᠥ᠋ᠷᠥᠭᠴᠢ ᠶᠢᠨ ᠬᠤᠷᠠᠮᠠᠯ ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠤᠨ᠂ | ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠦᠷᠢᠭ ᠲᠤ ᠬᠦᠷᠴᠦ᠂ ᠪᠣᠬᠢᠷᠳᠤᠯ ᠦᠭᠡᠢ ᠬᠦᠷᠢᠶᠡᠯᠡᠩ | ᠲᠣᠭᠤᠷᠢᠭ ᠢ 4᠂ ᠪᠣᠬᠢᠷᠳᠤᠯ ᠦᠭᠡᠢ ᠠᠵᠤ ᠦᠢᠯᠡᠳᠪᠦᠷᠢ ᠶᠢ 67 ᠰᠢᠨ᠎ᠡ ᠪᠠᠷ ᠡᠭᠦᠳᠦᠨ ᠪᠠᠶᠢᠭᠤᠯᠪᠠ᠃ | ᠵᠢᠷᠭᠤᠭ᠎ᠠ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠨᠢᠭᠦᠨ ᠰᠡᠷᠭᠦᠯᠲᠡ ᠲᠠᠢ ᠪᠣᠯᠬᠤ ᠶᠢ | ᠪᠦᠲᠦᠮᠵᠢᠲᠡᠢ ᠠᠬᠢᠭᠤᠯᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ ᠶᠢ ᠳᠡᠮᠵᠢᠬᠦ 15 | ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠡᠭᠡᠵᠢᠩ ᠱᠠᠩᠬᠠᠢ ᠭᠤᠸᠠᠩᠵᠧᠦ ᠱᠧᠨᠵᠧᠨ︾ ᠵᠡᠷᠭᠡ | ᠣᠯᠠᠨ ᠬᠤᠲᠠ ᠯᠤᠭ᠎ᠠ ᠬᠠᠮᠲᠤᠷᠠᠨ ︽ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ︾ ᠠᠵᠢᠯᠯᠠᠭᠠᠨ ᠢ | ᠥᠷᠨᠢᠭᠦᠯᠵᠦ᠂ ᠷᠠᠰᠢᠶᠠᠨ᠂ ᠬᠥᠯᠥᠨ ᠪᠦᠢᠷ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠵᠣᠷᠢᠭᠰᠠᠨ ᠭᠠᠵᠠᠷ ᠲᠤ | ᠬᠦᠷᠬᠦ ᠲᠤᠰᠬᠠᠢ ᠴᠤᠪᠤᠭ᠎ᠠ ᠲᠡᠷᠭᠡ 400᠂ ᠲᠦᠷᠢᠶᠡᠰᠦᠨ ᠨᠢᠰᠬᠡᠯ 700 ᠤᠳᠠᠭ᠎ᠠ ᠪᠠᠶᠢᠵᠤ᠂ ᠪᠦᠬᠦ ᠣᠷᠣᠨ ᠳᠤ | ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠵᠤ᠂ | ᠣᠷᠣᠯᠭ᠎ᠠ 3350 ᠳ᠋ᠦᠩᠰᠢᠭᠤᠷ ᠲᠥᠭᠦᠷᠢᠭ ᠢ ᠳᠠᠪᠠᠵᠤ᠂ ᠴᠥᠮ 2019 ᠣᠨ ᠤ 1.2 ᠳᠠᠬᠢᠨ ᠪᠠᠶᠢᠪᠠ᠃ | ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢᠶᠠᠷ 17 ᠵᠦᠢᠯ ᠵᠥᠪᠰᠢᠶᠡᠷᠡᠭᠳᠡᠵᠦ᠂ | ᠤᠯᠤᠰ ᠤᠨ 5C᠂ 4C ᠳᠡᠰ ᠤᠨ ᠬᠤᠪᠢ ᠶᠢᠨ ᠮᠠᠰᠢᠨ ᠲᠡᠷᠭᠡ ᠪᠠᠷ ᠪᠠᠭᠤᠳᠠᠯᠯᠠᠬᠤ ᠰᠠᠭᠤᠷᠢᠨ ᠤ ᠲᠤᠭ᠎ᠠ ᠪᠦᠬᠦ | ᠤᠯᠤᠰ ᠤᠨ ᠲᠡᠷᠢᠭᠦᠨ ᠳᠤ ᠪᠠᠶᠢᠷᠢᠰᠢᠵᠤ᠂ ᠤᠯᠤᠰ ᠤᠨ ᠳᠡᠰ ᠤᠨ ᠴᠠᠰᠤᠨ ᠳᠤ ᠭᠤᠯᠭᠤᠬᠤ ᠵᠢᠭᠤᠯᠴᠢᠯᠠᠯ | ᠠᠮᠠᠷᠠᠯᠲᠠ ᠶᠢᠨ ᠭᠠᠵᠠᠷ ᠤᠨ ᠲᠤᠭ᠎ᠠ ᠪᠦᠬᠦ ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠵᠢᠭᠤᠯᠴᠢᠯᠠᠯ ᠤᠨ ︽ | ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠲᠣᠳᠣᠷᠠᠵᠤ᠂ ︽ | ᠲᠠᠯ᠎ᠠ ᠨᠤᠲᠤᠭ ᠤᠨ ᠪᠣᠯᠵᠣᠯ︾᠂ ︽ᠤᠴᠠᠷᠠᠯᠳᠤ ᠨᠠᠭᠠᠳᠤᠮ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ | ᠦᠷᠭᠦᠯᠵᠢᠯᠡᠨ ᠨᠡᠮᠡᠭᠳᠡᠵᠦ᠂ ᠬᠥᠬᠡᠬᠤᠲᠠ ᠶᠢᠨ ᠰᠢᠨ᠎ᠡ ᠣᠨ ᠢᠶᠠᠨ ᠤᠭᠲᠤᠬᠤ ᠦᠳᠡᠰᠢ ᠶᠢᠨ ᠠᠵᠢᠯᠯᠠᠭᠠᠨ ᠪᠦᠬᠦ | ᠬᠤᠲᠠᠨ᠎ᠠ ᠬᠦᠷ ᠬᠥᠭᠵᠢᠶᠡᠨ ᠪᠢᠯᠬᠠᠭᠤᠯᠵᠤ᠂ ᠤᠯᠠᠭᠠᠨᠴᠠᠪ ᠤᠨ ᠦᠳᠡᠰᠢ ᠬᠡᠮᠡᠬᠦ ᠠᠵᠢᠯᠯᠠᠭᠠᠨ ᠵᠢᠭᠤᠯᠴᠢᠯᠠᠭᠴᠢᠳ ᠢ | 500 ᠲᠦᠮᠡᠨ ᠬᠥᠮᠥᠨ ᠤᠳᠠᠭ᠎ᠠ ᠲᠠᠲᠠᠵᠤ᠂ ᠲᠥᠪ ᠲᠧᠯᠸᠢᠰ ᠰᠤᠪᠠᠭ APP ᠤᠨ ︽ᠰᠠᠭᠤᠳᠠᠯ ᠤᠨ | ᠮᠠᠰᠢᠨ ᠢᠶᠠᠷ ᠳᠤᠮᠳᠠᠳᠤ ᠤᠯᠤᠰ ᠢᠶᠠᠷ ᠠᠶᠠᠯᠠᠬᠤᠢ︾ ᠰᠢᠭᠤᠳ ᠨᠡᠪᠲᠡᠷᠡᠭᠦᠯᠭᠡ ᠨᠢ ︽ᠲᠡᠭᠷᠢ ᠶᠢᠨ ᠬᠠᠶᠠᠭᠠᠨ ᠤ | ᠤᠯᠠᠭᠠᠢ︾ ᠶᠢᠨ ᠠᠯᠳᠠᠷ ᠴᠤᠤ ᠶᠢ ᠮᠠᠨᠳᠤᠭᠤᠯᠪᠠ᠃ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ︽ | ᠯᠢᠩᠬᠤᠸ᠎ᠠ ᠱᠠᠩᠨᠠᠯ︾ ᠵᠡᠷᠭᠡ ᠤᠯᠤᠰ ᠤᠨ ᠳᠡᠰ ᠤᠨ ᠱᠠᠩᠨᠠᠯ ᠢ 47 ᠬᠦᠷᠲᠡᠵᠦ᠂ ᠯᠢᠶᠣᠤ ᠤᠯᠤᠰ ᠤᠨ ᠳᠡᠭᠡᠳᠦ | ᠨᠡᠶᠢᠰᠯᠡᠯ ᠤᠨ ᠬᠠᠭᠠᠨ ᠤ ᠬᠤᠲᠠ ᠶᠢᠨ ᠪᠠᠭᠤᠷᠢ ᠶᠢᠨ ᠡᠮᠦᠨ᠎ᠡ ᠬᠡᠰᠡᠭ ᠤᠨ ᠪᠠᠷᠢᠯᠭ᠎ᠠ ᠪᠠ ᠾᠧᠦ ᠴᠧᠩ ᠽᠦᠢ | ᠴᠢᠯᠠᠭᠤᠨ ᠬᠤᠲᠠ ᠶᠢᠨ ᠪᠠᠭᠤᠷᠢ ᠨᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠳᠤ | ᠣᠷᠣᠪᠠ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ᠂ ᠵᠢᠷᠭᠤᠳᠤᠭᠠᠷ | ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ᠂ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠪᠦᠬᠦ | ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠦᠬᠦ | ᠬᠦᠴᠦᠨ ᠢᠶᠠᠷ ᠢᠶᠠᠨ ᠪᠡᠯᠡᠳᠬᠡᠪᠡ᠃ | ᠳᠣᠯᠤᠭ᠎ᠠ ᠳᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠵᠤ | ᠰᠠᠶᠢᠲᠤᠷ ᠬᠢᠪᠡ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.1% | ᠨᠡᠮᠡᠭᠳᠡᠵᠦ᠂ 2022 ᠣᠨ ᠤ ᠲᠠᠢ ᠠᠳᠠᠯᠢᠳᠬᠠᠪᠠᠯ 0.8 ᠵᠠᠭᠤᠨ ᠤ ᠴᠡᠭ ᠳᠡᠭᠡᠭᠰᠢᠯᠡᠪᠡ᠃ ᠵᠢᠯ ᠤᠨ ᠡᠬᠢᠨ ᠳᠤ | ᠪᠠᠶᠢᠷᠢᠯᠠᠭᠤᠯᠤᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ | ᠬᠤᠲᠠ ᠪᠠᠯᠭᠠᠰᠤᠨ ᠤ 21.87 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠬᠤᠲᠠ ᠬᠥᠳᠡᠭᠡ ᠶᠢᠨ | ᠨᠠᠭᠠᠲᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠴᠥᠮ ᠪᠦᠬᠦ | ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 893 | ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠬᠡᠦᠬᠡᠳ ᠪᠠ ᠰᠤᠷᠤᠭᠴᠢᠳ ᠤᠨ | ᠰᠤᠷᠤᠯᠭ᠎ᠠ ᠶᠢᠨ ᠣᠷᠣ ᠶᠢ 7 ᠲᠦᠮᠡ ᠰᠢᠨ᠎ᠡ ᠪᠠᠷ ᠨᠡᠮᠡᠭᠳᠡᠭᠦᠯᠪᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠤᠰᠬᠠᠢ ᠮᠡᠷᠭᠡᠵᠢᠯ ᠢ 327 ᠰᠢᠨ᠎ᠡ ᠪᠠᠷ ᠲᠣᠬᠢᠷᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ | ᠴᠠᠷᠠᠭᠠᠨ ᠳᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠢᠨ᠎ᠡ ᠪᠠᠷ 20 ᠲᠣᠬᠢᠷᠠᠭᠤᠯᠵᠤ᠂ ᠶᠡᠭᠡ ᠳᠡᠭᠡᠳᠦ | ᠰᠤᠷᠭᠠᠭᠤᠯᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 97 ᠪᠠᠶᠢᠭᠤᠯᠪᠠ᠃ 236 ᠵᠦᠢᠯ ᠤᠨ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠣᠯᠠᠨ ᠲᠦᠮᠡᠨ ᠤ ᠥᠪᠡᠷ ᠢᠶᠠᠨ | ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ ᠪᠠᠷ 19% ᠪᠠᠭᠤᠷᠠᠵᠤ᠂ ᠪᠡᠭᠡᠵᠢᠩ ᠶᠡᠭᠡ ᠰᠤᠷᠭᠠᠭᠤᠯᠢ ᠶᠢᠨ | ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ | ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ᠂ ᠮᠡᠰᠡ ᠵᠠᠰᠠᠯ ᠬᠢᠭᠰᠡᠨ ᠬᠡᠮᠵᠢᠶ᠎ᠡ 83% ᠨᠡᠮᠡᠭᠳᠡᠪᠡ᠃ ᠰᠤᠮᠤ | ᠰᠢᠶᠠᠩ ᠪᠠᠯᠭᠠᠰᠤᠨ ᠤ ᠬᠡᠪᠴᠢᠶᠡᠨ ᠳᠤ ᠨᠠᠰᠤᠵᠢᠯ ᠤᠨ ᠦᠢᠯᠡᠴᠢᠯᠡᠭᠡᠨ ᠤ ᠲᠥᠪ ᠢ 350᠂ ᠲᠤᠰᠬᠤᠨ ᠤ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠮᠢᠩᠭᠠᠨ ᠬᠥᠮᠥᠨ ᠠᠮᠠ | ᠪᠦᠷᠢ ᠳᠤ ᠨᠣᠭᠳᠠᠬᠤ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠣᠷᠣ ᠶᠢᠨ ᠲᠤᠭ᠎ᠠ 3.4 ᠳᠤ ᠬᠦᠷᠪᠡ᠃ ᠬᠤᠲᠠ | ᠪᠠᠯᠭᠠᠰᠤᠨ ᠤ ᠬᠠᠭᠤᠴᠢᠨ ᠬᠤᠭᠤᠯᠠᠢ ᠭᠤᠤᠷᠰᠤᠨ ᠤ ᠲᠣᠣᠷ ᠢ 2220 ᠺᠢᠯᠣᠮᠧᠳ᠋ᠷ᠂ ᠬᠠᠭᠤᠴᠢᠨ ᠰᠠᠭᠤᠭᠠᠯᠢ | ᠲᠣᠭᠤᠷᠢᠭ ᠢ 1639᠂ ᠳᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.56 ᠲᠦᠮᠡᠨ ᠢᠵᠢ | ᠥᠭᠡᠷᠡᠴᠢᠯᠡᠨ ᠰᠢᠨᠡᠳᠬᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠡᠷᠦᠬᠡ ᠶᠢᠨ ᠵᠣᠷᠯᠦᠩ ᠢ 6.2 ᠲᠦᠮᠡ᠂ | ᠵᠠᠰᠠᠮᠠᠯ ᠵᠠᠮ ᠢ 5106 ᠺᠢᠯᠣᠮᠧᠳ᠋ᠷ ᠪᠠᠶᠢᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠢ 4211 ᠡᠷᠦᠬᠡ | ᠥᠭᠡᠷᠡᠴᠢᠯᠡᠨ ᠰᠢᠨᠡᠳᠬᠡᠵᠦ᠂ ᠬᠢᠯᠢ ᠬᠢᠵᠠᠭᠠᠷ ᠣᠷᠣᠨ ᠳᠤ ᠷᠠᠳᠢᠣ᠋ ᠲᠧᠯᠸᠢᠰ ᠤᠨ ᠭᠡᠷᠡᠯᠯᠢᠭ ᠤᠲᠠᠰᠤ 4000 | ᠺᠢᠯᠣᠮᠧᠳ᠋ᠷ ᠳᠡᠪᠢᠰᠪᠡ᠃ ᠪᠦᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ | ᠨᠢᠭᠡᠨ ᠡᠭᠡᠯᠵᠢ ᠶᠢᠨ ᠢᠨᠵᠧᠨᠧᠷᠢᠩ ᠢ ᠡᠬᠢᠯᠡᠭᠦᠯᠵᠦ᠂ ᠪᠦᠢᠳᠠ ᠪᠥᠭᠯᠡᠭᠦᠦ ᠭᠠᠵᠠᠷ ᠣᠷᠣᠨ ᠤ 2.4 ᠲᠦᠮᠡᠨ | ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ | ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠢ 531᠂ ᠲᠠᠷᠠᠬᠠᠢ ᠮᠠᠶ᠋ᠢᠭ ᠤᠨ ᠤᠰᠤᠨ ᠤ ᠰᠣᠷᠪᠣᠯᠵᠢ ᠶᠢᠨ ᠢᠨᠵᠧᠨᠧᠷᠢᠩ ᠢ 909 ᠰᠢᠨ᠎ᠡ ᠪᠠᠷ | ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ 32 ᠲᠦᠮᠡᠨ ᠲᠠᠷᠢᠶᠠᠴᠢᠨ ᠮᠠᠯᠴᠢᠳ ᠠᠰᠢᠭ ᠬᠦᠷᠲᠡᠪᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠬᠡᠷᠡᠭᠵᠢᠭᠦᠯᠵᠦ᠂ ᠥᠪᠥᠷ ᠮᠣᠩᠭᠤᠯ ᠳᠤ ᠣᠷᠣᠭᠤᠯᠤᠭᠰᠠᠨ ᠪᠡᠭᠡᠵᠢᠩ ᠤᠨ ᠪᠡᠯᠡ ᠮᠥᠩᠭᠦ 150 ᠳ᠋ᠦᠩᠰᠢᠭᠤᠷ | ᠲᠥᠭᠦᠷᠢᠭ ᠰᠢᠨ᠎ᠡ ᠪᠠᠷ ᠨᠡᠮᠡᠭᠳᠡᠵᠦ᠂ ᠥᠪᠥᠷ ᠮᠣᠩᠭᠤᠯ ᠢ ᠲᠤᠰᠠᠯᠠᠷ᠎ᠠ ᠢᠷᠡᠭᠰᠡᠨ ᠪᠡᠭᠡᠵᠢᠩ ᠤᠨ ᠪᠠᠭᠰᠢ ᠪᠡᠭᠡᠵᠢᠩ ᠤᠨ | ᠡᠮᠴᠢ ᠮᠢᠩᠭ᠎ᠠ ᠰᠢᠬᠠᠮ ᠬᠥᠮᠥᠨ ᠪᠣᠯᠵᠤ᠂ ᠥᠪᠥᠷ ᠮᠣᠩᠭᠤᠯ ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭᠠᠨ | 200 ᠳ᠋ᠦᠩᠰᠢᠭᠤᠷ ᠭᠷᠡᠳᠦ᠋ᠰ ᠢ ᠳᠠᠪᠠᠵᠤ᠂ ᠪᠡᠭᠡᠵᠢᠩ ᠳᠤ ᠣᠷᠣᠭᠤᠯᠤᠭᠰᠠᠨ ᠥᠪᠥᠷ ᠮᠣᠩᠭᠤᠯ ᠤᠨ ᠢᠳᠡᠭᠡᠨ 200 | ᠳ᠋ᠦᠩᠰᠢᠭᠤᠷ ᠲᠥᠭᠦᠷᠢᠭ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠬᠠᠷᠢᠯᠴᠠᠨ ᠵᠢᠭᠤᠯᠴᠢᠯᠠᠭᠰᠠᠳ 1000 | ᠲᠦᠮᠡᠨ ᠬᠥᠮᠥᠨ ᠤᠳᠠᠭ᠎ᠠ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ 72% ᠨᠡᠮᠡᠭᠳᠡᠪᠡ᠃ ᠵᠠᠬᠢᠳᠠᠯ ᠰᠤᠷᠪᠤᠯᠵᠢᠯᠠᠯ ᠢ ᠣᠷᠣᠯᠠᠨ | ᠭᠦᠢᠴᠡᠳᠬᠡᠬᠦ ᠳᠦᠷᠢᠮ ᠢ ᠳᠡᠯᠭᠡᠷᠡᠭᠦᠯᠵᠦ᠂ ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ | ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠵᠤ᠂ ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠦᠭᠡᠢ | ᠳᠡᠭᠡᠭᠰᠢᠯᠡᠪᠡ᠃ | ᠨᠠᠢᠮᠠ ᠳᠤ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠪᠣᠳᠠᠲᠠᠢ ᠰᠡᠷᠭᠡᠶᠢᠯᠡᠵᠦ | ᠠᠷᠢᠯᠭᠠᠪᠠ᠃ ᠪᠢᠳᠡ ︽2 • 22︾ ᠤᠨ ᠠᠳᠡᠯ ᠠᠴᠠ ᠭᠦᠨ ᠰᠤᠷᠭᠠᠮᠵᠢ ᠠᠪᠴᠤ᠂ ᠬᠦᠨᠳᠦ ᠣᠨᠴᠠ ᠶᠡᠭᠡ | ᠠᠳᠡᠯ ᠢ ᠰᠡᠷᠭᠡᠶᠢᠯᠡᠨ ᠬᠤᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ ︽ᠭᠤᠷᠪᠠ ᠶᠢ | ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠲᠣᠭᠲᠠᠭᠠᠯ ᠤᠳ ᠢ ᠲᠣᠭᠲᠠᠭᠠᠨ ᠬᠡᠷᠡᠭᠵᠢᠭᠦᠯᠵᠦ᠂ | ᠶᠡᠭᠡ ᠪᠠᠷ ᠵᠢᠭᠰᠠᠭᠠᠨ ᠪᠠᠶᠢᠴᠠᠭᠠᠬᠤ ᠪᠠ ᠶᠡᠭᠡ ᠪᠠᠷ ᠴᠡᠭᠴᠡᠯᠡᠨ ᠵᠠᠰᠠᠬᠤ ᠶᠢ 3 ᠡᠭᠡᠯᠵᠢ ᠪᠠᠷ ᠳᠠᠷᠠᠭᠠᠯᠠᠨ ᠥᠷᠨᠢᠭᠦᠯᠵᠦ | ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠭᠠᠳ ᠪᠠᠶᠢᠴᠠᠭᠠᠬᠤ ᠶᠢ | ᠭᠦᠨᠵᠡᠭᠡᠢ ᠥᠷᠨᠢᠭᠦᠯᠵᠦ᠂ ᠪᠦᠬᠦ ᠵᠢᠯ ᠳᠤ ᠡᠭᠦᠰᠦᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ | ᠲᠤᠭ᠎ᠠ ᠪᠠ ᠠᠳᠡᠭᠰᠡᠨ ᠬᠥᠮᠥᠨ ᠤ ᠲᠤᠭ᠎ᠠ ᠲᠤᠰ ᠪᠦᠷᠢ 22.8% ᠪᠠ 12.9% ᠪᠠᠭᠤᠷᠠᠪᠠ᠃ ᠪᠢᠳᠡ ᠠᠵᠤ | ᠠᠬᠤᠢ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠴᠢᠬᠤᠯᠠ ᠤᠯᠤᠰ ᠲᠦᠷᠣ ᠶᠢᠨ | ᠡᠭᠦᠷᠭᠡ ᠪᠠᠨ ᠪᠣᠯᠭᠠᠵᠣ᠂ ᠪᠠᠶᠢᠳᠠᠭ ᠢᠶᠠᠨ ᠰᠢᠪᠬᠠᠵᠤ ᠥᠷᠢ ᠲᠥᠯᠥᠬᠦ ᠶᠢ ᠪᠠᠷᠢᠮᠲᠠᠯᠠᠵᠤ᠂ ︽1 + 8︾ ᠥᠷᠢ | ᠥᠭᠴᠡᠭᠡ ᠶᠢ ᠠᠷᠢᠯᠭᠠᠬᠤ ᠲᠥᠰᠥᠯ ᠢ ᠲᠣᠭᠲᠠᠭᠠᠨ ᠨᠠᠶᠢᠳᠠᠪᠤᠷᠢᠵᠢᠭᠤᠯᠵᠤ᠂ ︽ᠲᠦᠷᠪᠡᠨ ᠨᠢᠭᠡ ᠪᠦᠯᠦᠭ︾ ᠪᠠ | ᠥᠷᠢ ᠥᠭᠴᠡᠭᠡ ᠶᠢ ᠠᠷᠢᠯᠭᠠᠬᠤ ᠱᠠᠩᠨᠠᠯ ᠨᠥᠬᠦᠪᠦᠷᠢ ᠠᠴᠠ 206 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ | ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠳᠡᠮᠵᠢᠵᠣ᠂ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠯᠠᠱᠠ᠂ ᠦᠬᠠᠢ 2 ᠠᠶᠢᠮᠠᠭ ᠬᠤᠲᠠ ᠶᠢᠨ ᠲᠤᠰ ᠱᠠᠲᠤ ᠪᠠ | ᠤᠷᠠᠳ ᠤᠨ ᠡᠮᠦᠨᠡᠲᠦ ᠬᠤᠰᠢᠭᠤ᠂ ᠵᠦᠸᠧᠽᠢ ᠰᠢᠶᠠᠨ ᠵᠡᠷᠭᠡ 8 ᠬᠤᠰᠢᠭᠤ ᠰᠢᠶᠠᠨ ᠤᠯᠠᠪᠤᠷ ᠥᠩᠭᠡ ᠶᠢᠨ | ᠳᠡᠰ ᠠᠴᠠ ᠭᠠᠷᠪᠠ᠃ 7 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠪᠠ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠲᠠᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠢ ᠬᠢᠨᠠᠮᠠᠭᠠᠢ ᠭᠦᠢᠴᠡᠳᠬᠡᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ ᠳᠤ ︽ᠠᠳᠠᠯᠢᠬᠠᠨ ᠬᠠᠭᠤᠳᠠᠰᠤ ᠰᠢᠯᠭᠠᠯᠲᠠ | ︾ ᠶᠢ ᠠᠩᠬ᠎ᠠ ᠤᠳᠠᠭ᠎ᠠ ᠬᠡᠷᠡᠭᠵᠢᠭᠦᠯᠵᠦ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠬᠢᠯᠡᠬᠦ | ᠠᠩᠭᠢ ᠳᠤ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ | ᠬᠡᠯᠪᠡᠷᠢ ᠲᠠᠢ ᠰᠡᠳᠬᠢᠯᠭᠡ ᠲᠠᠢ ᠪᠦᠲᠦᠮᠵᠢᠲᠡᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠡᠯ᠎ᠡ | ᠵᠦᠢᠯ ᠤᠨ ᠲᠦᠷᠦ ᠶᠢᠨ ᠪᠣᠳᠣᠯᠭ᠎ᠠ ᠶᠢ ᠰᠢᠰᠲ᠋ᠧᠮ ᠲᠠᠢ ᠡᠮᠬᠢᠯᠡᠨ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠠᠴᠠ ᠪᠠᠨ ᠨᠠᠮ ᠤᠨ ᠰᠠᠶᠢᠨ ᠢ ᠣᠶᠢᠯᠠᠭᠠᠨ ᠮᠡᠳᠡᠷᠡᠭᠦᠯᠵᠦ᠂ | ᠨᠠᠮ ᠤᠨ ᠠᠴᠢ ᠳᠤ ᠲᠠᠯᠠᠷᠬᠠᠭᠤᠯᠤᠨ᠂ ᠨᠠᠮ ᠢᠶᠠᠨ ᠲᠠᠭᠠᠨ ᠤᠷᠤᠭᠰᠢᠯᠠᠭᠤᠯᠪᠠ᠃ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠷᠠᠭᠤᠯᠵᠤ᠂ ᠪᠠᠶᠢᠴᠠᠭᠠᠨ ᠰᠤᠳᠤᠯᠤᠯᠲᠠ | ᠬᠢᠬᠦ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ | ᠵᠠᠯᠢ ᠪᠠᠨ ᠤᠯᠠᠮ ᠨᠢᠭᠡ ᠠᠯᠬᠤᠮ ᠬᠥᠭᠵᠢᠭᠡᠪᠡ︔ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠮᠳᠠᠭᠤᠯᠤᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠯᠲᠠ᠂ ᠬᠢᠨᠠᠨ | ᠪᠣᠳᠣᠯᠲᠠ ᠶᠢᠨ ᠬᠢᠨᠠᠨ ᠪᠠᠶᠢᠴᠠᠭᠠᠯᠲᠠ ᠵᠡᠷᠭᠡ ᠳᠤ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ | ᠪᠠ ᠦᠷ᠎ᠡ ᠪᠦᠲᠦᠭᠡᠯ ᠢᠶᠠᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ | ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 660 ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ 737 ᠰᠠᠨᠠᠯ ᠳᠤᠷᠠᠳᠤᠯᠭ᠎ᠠ ᠶᠢ ᠴᠠᠭ ᠲᠤ ᠨᠢ ᠭᠦᠢᠴᠡᠳᠬᠡᠨ ᠬᠠᠷᠢᠭᠤᠯᠵᠤ᠂ ᠲᠠᠪᠤᠳᠤᠭᠠᠷ ᠤᠳᠠᠭᠠᠨ ᠤ | ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠯᠲᠠ ᠪᠠ | ᠲᠤᠷᠰᠢᠯᠲᠠ ᠶᠢᠨ ᠴᠡᠭ ᠤᠨ ᠡᠭᠦᠷᠭᠡ ᠪᠠᠨ ᠪᠡᠶᠡᠯᠡᠭᠦᠯᠪᠡ︔ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ | ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠨᠡᠶᠢᠲᠡ ᠳᠤ ᠢᠲᠡᠭᠡᠭᠦᠯᠬᠦ ᠬᠦᠴᠦᠨ ᠤᠯᠠᠮ | ᠨᠢᠭᠡ ᠠᠯᠬᠤᠮ ᠳᠡᠭᠡᠭᠰᠢᠯᠡᠪᠡ᠃ | ᠲᠥᠯᠥᠭᠡᠯᠡᠭᠴᠢᠳ ᠠ᠋︕ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠠᠯᠢᠪᠠ | ᠬᠥᠭᠵᠢᠯᠲᠡ ᠳᠠᠪᠰᠢᠯᠲᠠ ᠶᠢᠨ ᠤᠭ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ | ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠮᠥᠨ ᠴᠦ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠯᠣᠭᠤᠳᠤᠮᠵᠢ ᠳᠤ ᠪᠠᠶᠢᠬᠤ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠦᠴᠢᠷ ᠢ ᠰᠥᠷᠦᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠪᠢᠳᠠ ᠪᠠᠰᠠ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠥᠭᠡᠨ ᠪᠤᠰᠤ ᠳᠤᠲᠠᠭᠤᠳᠠᠯ ᠪᠠᠭᠤᠷᠠᠢ | ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠣᠯᠳᠠᠭᠤ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ | ᠪᠠᠰᠠ ᠪᠦᠷᠢᠮᠦᠰᠦᠨ ᠦᠷ᠎ᠡ ᠪᠥᠲᠥᠮᠵᠢ ᠣᠯᠣᠭᠠᠳᠤᠢ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ ᠤᠳᠠᠭᠠᠪᠲᠤᠷ ᠪᠠᠶᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ | ᠴᠢᠳᠠᠪᠤᠷᠢ ᠪᠠᠰᠠ ᠲᠡᠶᠢᠮᠤ ᠴᠢᠩᠭ᠎ᠠ ᠪᠤᠰᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠪᠤᠰᠤᠳ ᠲᠤ | ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭᠠᠷ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ | ᠮᠥᠨ ᠣᠷᠣᠰᠢᠭᠰᠠᠭᠠᠷ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠮᠥᠨ ᠵᠢᠩᠬᠢᠨᠢ ᠪᠠᠷ | ᠰᠢᠢᠳᠪᠦᠷᠢᠯᠡᠭᠳᠡᠭᠡᠳᠦᠢ᠂ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠮᠠᠰᠢ ᠬᠦᠨᠳᠦ | ᠬᠡᠴᠡᠭᠦᠦ ᠪᠠᠶᠢᠭᠰᠠᠭᠠᠷ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠬᠠᠷᠠᠬᠠᠨ | ᠠᠷᠢᠯᠤᠭ᠎ᠠ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠨᠢᠮᠭᠡᠨ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠶᠢ ᠲᠤᠯᠭᠠᠮ ᠱᠠᠭᠠᠷᠳᠠᠵᠤ ᠪᠤᠢ᠂ ᠨᠡᠶᠢᠭᠡᠮ ᠤᠨ ᠵᠠᠰᠠᠯᠲᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠠᠵᠢᠯ ᠤᠨ ᠳᠤᠮᠳᠠ ︽ᠤᠳᠠᠭᠠᠨ | ᠪᠦᠳᠦᠭᠦᠯᠢᠭ ᠬᠡᠶᠢᠰᠪᠦᠷᠢ︾ ᠠᠰᠠᠭᠤᠳᠠᠯ ᠤᠳ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠷᠢᠮ ᠺᠠᠳ᠋ᠷᠴᠤᠳ ᠤᠨ | ᠰᠡᠳᠬᠢᠮᠵᠢ ᠬᠠᠷᠠᠭ᠎ᠠ ᠨᠢ ᠲᠡᠨᠢᠭᠡᠷ ᠪᠤᠰᠤ᠂ ᠡᠷᠳᠡᠮ ᠴᠢᠳᠠᠪᠤᠷᠢ ᠨᠢ ᠬᠦᠷᠦᠯᠴᠡᠬᠦ ᠦᠭᠡᠢ᠂ ᠠᠵᠢᠯ ᠤᠨ ᠰᠤᠷᠲᠠᠯ ᠨᠢ | ᠲᠥᠪ ᠪᠤᠰᠤ ᠪᠠᠶᠢᠨ᠎ᠠ᠃ ᠬᠡᠷᠪᠡ ᠡᠳᠡᠭᠡᠷ ᠠᠰᠠᠭᠤᠳᠠᠯ ᠢ ᠰᠢᠢᠳᠪᠦᠷᠢᠯᠡᠬᠦ ᠦᠭᠡᠢ ᠪᠣᠯ᠂ ᠮᠠᠨ ᠤ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠬᠦᠯᠢᠶᠡᠰᠦᠯᠡᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ | ᠣᠷᠣᠬᠤ ᠬᠠᠷᠠᠯᠲᠠ ᠪᠠᠨ ᠪᠡᠶᠡᠯᠡᠭᠦᠯᠬᠦ ᠳᠤ ᠪᠡᠷᠬᠡ ᠪᠣᠯᠣᠨ᠎ᠠ᠂ ᠡᠶᠢᠮᠦ ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ | ᠠᠪᠴᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃ |