ᠦᠢᠯᠡᠰ ᠪᠣᠰᠬᠠᠬᠤ ᠵᠠᠮ ᠳᠠᠬᠢ ︽ᠪᠡᠯᠡ ᠮᠥᠩᠭᠦ︾ ᠶᠢᠨ ᠥᠭᠭᠢᠶᠡᠮᠦᠷ ᠬᠤᠷ᠎ᠠ ᠪᠣᠯᠤᠭᠰᠠᠨ ︽ᠵᠢᠭᠡᠯᠡᠯᠭᠡ︾
ᠨᠡᠶᠢᠲᠡᠯᠡᠭᠰᠡᠨ ᠴᠠᠭ᠄
2024/3/13
  ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠠᠳᠠᠯ ᠦᠢᠯᠡᠰ ᠪᠣᠰᠬᠠᠬᠤ ᠪᠣᠯ ᠠᠵᠢᠯ ᠣᠯᠭᠤᠯᠲᠠ ᠶᠢᠨ ᠡᠬᠢ ᠰᠤᠷᠪᠤᠯᠵᠢ ᠮᠥᠨ᠃ ᠣᠢᠷ᠎ᠠ ᠶᠢᠨ ᠵᠢᠯ ᠳᠤ᠂ ᠬᠦᠷᠢᠶ᠎ᠡ  ᠬᠤᠰᠢᠭᠤ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠠᠵᠢᠯ ᠢ ᠦᠢᠯᠡᠰ   ᠪᠣᠰᠬᠠᠵᠤ ᠠᠵᠢᠯ ᠣᠯᠭᠤᠬᠤ ᠶᠢ ᠬᠠᠪᠰᠤᠷᠤᠨ ᠲᠡᠳᠭᠦᠬᠦ‍ ᠨᠢᠭᠡ ᠵᠦᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠮᠥᠩᠭᠦᠨ ᠭᠦᠢᠯᠭᠡᠭᠡᠨ ᠤ ᠬᠦᠴᠢᠷᠳᠡᠯ ᠢ ᠲᠠᠶᠢᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠰ ᠪᠣᠰᠬᠠᠬᠤ ᠶᠢ ᠲᠡᠳᠭᠦᠨ᠂ ᠠᠵᠢᠯ ᠣᠯᠭᠤᠬᠤ ᠶᠢ ᠳᠠᠶᠢᠴᠢᠯᠠᠵᠤ ᠪᠠᠶᠢᠨ᠎ᠠ᠃
      ᠬᠦᠷᠢᠶ᠎ᠡ ᠬᠤᠰᠢᠭᠤᠨ ᠤ ᠬᠦᠷᠢᠶ᠎ᠡ ᠪᠠᠯᠭᠠᠰᠤᠨ ᠤ ᠱᠦᠸᠧ ᠹᠧᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ ᠭᠠᠵᠠᠷ ᠤᠨ ᠬᠠᠷᠢᠭᠤᠴᠠᠯᠭᠠᠲᠠᠨ ᠪᠠᠶ ᠵᠢᠶᠦ᠋ᠨ ᠬᠤᠸᠠ ︵ᠵᠡᠭᠦᠨ︶ ᠶᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠠᠶᠢᠴᠠᠭᠠᠨ ᠦᠵᠡᠵᠦ ᠪᠠᠶᠢᠭ᠎ᠠ ᠨᠢ᠃    ᠪᠠᠶ ᠵᠢᠶᠦ᠋ᠨ ᠬᠤᠸᠠ ᠪᠣᠯ ᠬᠦᠷᠢᠶ᠎ᠡ ᠪᠠᠯᠭᠠᠰᠤᠨ ᠤ ᠱᠦᠸᠧ ᠹᠧᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠭᠠᠵᠠᠷ ᠤᠨ ᠬᠠᠷᠢᠭᠤᠴᠠᠯᠭᠠᠲᠠᠨ᠂ ᠱᠦᠸᠧ ᠹᠧᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠭᠠᠵᠠᠷ ᠨᠢᠭᠡᠨᠲᠡ 14 ᠵᠢᠯ ᠡᠵᠡᠩᠨᠡᠵᠦ᠂ ᠦᠢᠯᠡᠴᠢᠯᠡᠭᠡ ᠨᠢ ᠰᠠᠶᠢᠨ᠂ ᠮᠠᠭᠲᠠᠭᠠᠯ ᠰᠠᠶᠢᠰᠢᠶᠠᠯ ᠲᠠᠢ ᠪᠣᠯᠬᠤᠷ ᠠᠷᠠᠯᠵᠢᠶ᠎ᠠ ᠮᠠᠶᠢᠮᠠᠢ ᠶᠡᠷᠦ ᠨᠢ ᠵᠦᠭᠡᠷ ᠶᠤᠮ᠃ 2023 ᠣᠨ ᠤ ᠡᠴᠦᠰ ᠲᠤ᠂ ᠪᠠᠶ ᠵᠢᠶᠦ᠋ᠨ ᠬᠤᠸᠠ ᠳᠡᠯᠭᠡᠭᠦᠷ ᠢᠶᠠᠨ ᠥᠷᠭᠡᠳᠬᠡᠬᠦ ᠰᠠᠨᠠᠭ᠎ᠠ ᠲᠠᠢ ᠪᠣᠯᠪᠠᠴᠤ ᠡᠷᠭᠢᠯᠲᠡ ᠶᠢᠨ ᠪᠠᠯᠠ ᠮᠥᠩᠭᠦ ᠳᠤᠲᠠᠮᠠᠭ ᠪᠣᠯᠵᠣ ᠲᠡᠭᠦᠨ ᠢ ᠭᠠᠴᠢᠭᠳᠠᠭᠤᠯᠤᠭᠰᠠᠨ ᠠᠴᠠ ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ 20 ᠲᠦᠮᠡᠨ ᠲᠥᠭᠦᠷᠢᠭ ᠤᠨ ᠵᠢᠭᠡᠯᠡᠯᠭᠡ ᠭᠤᠶᠤᠴᠢᠯᠠᠵᠠᠶ᠃ ᠬᠢᠨᠠᠨ ᠬᠠᠷᠭᠤᠭᠤᠯᠬᠤ ᠪᠠᠷ ᠳᠠᠮᠵᠢᠭᠠᠳ 20 ᠲᠦᠮᠡᠨ ᠲᠥᠭᠦᠷᠢᠭ ᠤᠨ ᠵᠢᠭᠡᠯᠡᠯᠭᠡ ᠶᠢ ᠤᠳᠠᠯ ᠦᠭᠡᠢ ᠵᠥᠪᠰᠢᠶᠡᠷᠡᠵᠦ᠂ ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠬᠡᠬᠦ ᠬᠤᠶᠢᠰᠢᠳᠠ ᠶᠢᠨ ᠬᠦᠴᠢᠷᠳᠡᠯ ᠢ ᠨᠢ ᠰᠢᠢᠳᠪᠦᠷᠢᠯᠡᠪᠡ᠃ ︽ᠮᠢᠨᠦ ᠠᠳᠠᠯ ᠦᠢᠯᠡᠰ ᠪᠣᠰᠬᠠᠬᠤ ᠵᠢᠭᠡᠯᠡᠯᠭᠡ 2023 ᠣᠨ ᠤ 12 ᠰᠠᠷ᠎ᠠ ᠳᠤ ᠭᠤᠶᠤᠴᠢᠯᠠᠯ ᠭᠦᠢᠴᠡᠳᠬᠡᠭᠰᠡᠨ ᠶᠤᠮ᠂ ᠵᠢᠭᠡᠯᠡᠯᠭᠡ ᠶᠢᠨ ᠬᠦᠦ ᠮᠥᠩᠭᠦ ᠨᠢ ᠳᠣᠣᠷ᠎ᠠ᠂ ᠮᠥᠩᠭᠦ ᠥᠭᠬᠦ ᠨᠢ ᠴᠦ ᠲᠦᠷᠭᠡᠨ᠂ ᠮᠠᠰᠢ ᠳᠥᠭᠦᠮ ᠪᠠᠶᠢᠵᠤ᠂ ᠪᠢᠳᠡᠨ ᠤ ᠠᠳᠠᠯ ᠦᠢᠯᠡᠰ ᠪᠣᠰᠬᠠᠬᠤ ᠬᠦᠮᠦᠨ ᠳᠤ ᠠᠪᠴᠤ ᠬᠡᠯᠡᠪᠡᠯ ᠨᠢᠭᠡ ᠤᠳᠠᠭᠠᠨ ᠤ ᠴᠠᠭ ᠤᠨ ᠪᠣᠷᠣᠭᠠᠨ ᠶᠤᠮ︾ ᠭᠡᠵᠦ ᠪᠠᠢ ᠵᠢᠶᠦ᠋ᠨ ᠬᠤᠸᠠ ᠬᠡᠯᠡᠪᠡ᠃
   ᠬᠦᠷᠢᠶ᠎ᠡ ᠬᠤᠰᠢᠭᠤᠨ ᠤ ᠬᠦᠷᠢᠶ᠎ᠡ ᠪᠠᠯᠭᠠᠰᠤᠨ ᠤ ᠳ᠋ᠦᠩ ᠸᠠ ᠽᠢ ᠲᠣᠰᠬᠤᠨ ᠤ ᠸᠧᠢ ᠸᠧᠨ ᠵᠢᠩ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠠᠷᠢᠭᠤᠴᠠᠯᠭᠠᠲᠠᠨ ᠾᠧ ᠴᠢᠶᠠᠩ ᠦᠬᠡᠷ ᠲᠤ ᠲᠡᠵᠢᠭᠡᠯ ᠪᠣᠷᠳᠤᠭ᠎ᠠ ᠨᠡᠮᠡᠵᠤ ᠪᠠᠶᠢᠭ᠎ᠠ ᠨᠢ᠃    ᠪᠠᠶ ᠵᠢᠶᠦ᠋ᠨ ᠬᠤᠸᠠ ᠰᠢᠭ᠋ ᠡᠶᠢᠮᠦᠷᠬᠦ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠳᠡᠮᠵᠢᠯᠭᠡ ᠪᠠᠷ ᠦᠢᠯᠡᠰ ᠪᠣᠰᠬᠠᠬᠤ ᠵᠠᠮ ᠢᠶᠠᠷ ᠵᠠᠮᠨᠠᠭᠰᠠᠨ ᠬᠥᠮᠦᠰ ᠬᠦᠷᠢᠶ᠎ᠡ ᠬᠤᠰᠢᠭᠤᠨ ᠳᠤ ᠪᠠᠰᠠ ᠮᠠᠰᠢ ᠣᠯᠠᠨ ᠪᠠᠶᠢᠨ᠎ᠠ᠃ ᠬᠦᠷᠢᠶ᠎ᠡ ᠪᠠᠯᠭᠠᠰᠤᠨ ᠤ ᠳ᠋ᠦᠩ ᠸᠠ ᠽᠢ ᠲᠣᠰᠬᠤᠨ ᠤ ᠸᠧᠢ ᠸᠧᠨ ᠵᠢᠩ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠮᠠᠯ ᠤᠨ ᠰᠠᠷᠠᠪᠴᠢᠨ ᠳᠤ᠂ ᠦᠰᠦ ᠨᠢ ᠭᠦᠯᠲᠡᠭᠡᠨᠡᠭᠰᠡᠨ ᠭᠤᠶᠤ ᠰᠠᠶᠢᠬᠠᠨ ᠠᠯᠠᠰᠢᠨ ᠦᠬᠡᠷ ᠤᠳ᠂ ᠲᠠᠷᠭᠤ ᠬᠦᠴᠦ ᠰᠠᠶᠢᠲᠠᠢ ᠪᠠᠶᠢᠵᠤ᠂ ᠬᠠᠷᠢᠭᠤᠴᠠᠯᠭᠠᠲᠠᠨ ᠾᠧ ᠴᠢᠶᠠᠩ ᠶᠠᠭ ᠦᠬᠡᠷ ᠲᠤ ᠲᠡᠵᠢᠭᠡᠯ ᠪᠣᠷᠳᠤᠭ᠎ᠠ ᠥᠭᠴᠦ ᠪᠠᠶᠢᠯ᠎ᠠ᠃ ᠡᠨᠡ ᠵᠢᠯ ᠤᠨ ᠡᠬᠢ ᠪᠠᠷ᠂ ᠾᠧ ᠴᠢᠶᠠᠩ ᠲᠤᠭᠤᠯ ᠬᠤᠳᠠᠯᠳᠤᠨ ᠠᠪᠴᠤ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠶ᠎ᠡ ᠭᠡᠵᠦ ᠪᠣᠳᠣᠵᠤ ᠪᠠᠶᠢᠭᠰᠠᠨ ᠪᠣᠯᠪᠠᠴᠤ ᠪᠡᠯᠡ ᠮᠥᠩᠭᠦ ᠳᠤᠲᠠᠭᠳᠠᠭᠰᠠᠨ ᠠᠴᠠ ᠪᠣᠯᠵᠤ ᠰᠠᠨᠠᠭ᠎ᠠ ᠵᠣᠪᠠᠨᠢᠯ ᠪᠣᠯᠤᠭᠰᠠᠨ ᠪᠠᠶᠢᠨ᠎ᠠ᠃ ᠾᠧ ᠴᠢᠶᠠᠩ ᠶᠠᠭ ᠠᠷᠭ᠎ᠠ ᠮᠤᠬᠤᠷᠳᠠᠵᠤ ᠪᠠᠶᠢᠭ᠎ᠠ ᠥᠶ᠎ᠡ ᠳᠤ᠂ ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ 15 ᠲᠦᠮᠡᠨ ᠲᠥᠭᠦᠷᠢᠭ ᠤᠨ ᠵᠢᠭᠡᠯᠡᠯᠭᠡ ᠨᠢ ᠠᠮᠵᠢᠯᠲᠠ ᠲᠠᠢ ᠪᠠᠷ ᠲᠠᠩᠰᠠᠨ ᠳᠤᠨᠢ ᠣᠷᠤᠵᠤ ᠢᠷᠡᠭᠰᠡᠨ ᠠᠴᠠ᠂ ᠲᠡᠭᠦᠨ ᠤ ᠲᠤᠯᠭᠠᠮ ᠪᠠᠶᠢᠳᠠᠯ ᠢ ᠰᠢᠢᠳᠪᠦᠷᠢᠯᠡᠵᠤ ᠥᠭᠪᠡ᠃ ︽ᠵᠢᠭᠡᠯᠡᠯᠭᠡ ᠪᠠᠭᠤᠭᠰᠠᠨ ᠤ ᠳᠠᠷᠠᠭ᠎ᠠ᠂ ᠪᠢ ᠠᠷᠪᠠᠭᠠᠳ ᠦᠬᠡᠷ᠂ ᠡᠪᠡᠰᠦ ᠪᠣᠷᠳᠤᠭ᠎ᠠ᠂ ᠲᠡᠵᠢᠭᠡᠯ ᠪᠣᠷᠳᠤᠭ᠎ᠠ᠂ ᠬᠥᠬᠡ ᠳᠠᠷᠤᠰᠢ ᠬᠤᠳᠠᠯᠳᠤᠨ ᠠᠪᠤᠭᠰᠠᠨ ᠪᠠᠶᠢᠨ᠎ᠠ᠃ ᠤᠯᠤᠰ ᠠᠴᠠ ᠪᠢᠳᠡᠨ ᠳᠤ ᠦᠵᠡᠭᠦᠯᠦᠭᠰᠡᠨ ᠳᠡᠮᠵᠢᠯᠭᠡ ᠰᠠᠶᠢᠨ᠂ ᠵᠢᠭᠡᠯᠡᠯᠭᠡ ᠶᠢᠨ ᠪᠠᠭᠤᠬᠤ ᠨᠢ ᠴᠤ ᠲᠦᠷᠭᠡᠨ᠂ ᠮᠠᠨ ᠤ ᠲᠡᠵᠢᠭᠡᠨ ᠦᠷᠡᠵᠢᠭᠦᠯᠬᠦ ᠡᠷᠦᠬᠡ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ ︾ ᠭᠡᠵᠦ ᠾᠧ ᠴᠢᠶᠠᠩ ᠬᠡᠯᠡᠪᠡ᠃    ᠣᠶᠢᠷ᠎ᠠ ᠶᠢᠨ ᠵᠢᠯ ᠳᠤ᠂ ᠬᠦᠷᠢᠶ᠎ᠡ ᠬᠤᠰᠢᠭᠤ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠮᠠᠯᠴᠢᠨ ᠲᠠᠷᠢᠶᠠᠴᠢᠨ᠂ ᠠᠵᠢᠯ ᠤᠯᠬᠤ ᠳᠤ ᠬᠦᠴᠢᠷᠲᠡᠶ ᠬᠥᠮᠦᠰ ᠲᠤ ᠴᠢᠭᠯᠡᠭᠦᠯᠦᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠳᠡᠮᠵᠢᠯᠭᠡ ᠦᠵᠡᠭᠦᠯᠵᠦ᠂ ᠡᠷᠲᠡ ᠲᠥᠯᠥᠪᠵᠢᠭᠦᠯᠬᠦ᠂ ᠡᠷᠲᠡ ᠬᠥᠳᠡᠯᠦᠯᠴᠡᠬᠦ᠂ ᠲᠦᠷᠭᠡᠨ ᠬᠠᠪᠰᠤᠷᠤᠨ ᠲᠡᠳᠬᠦᠬᠦ ᠶᠢ ᠪᠠᠷᠢᠮᠲᠠᠯᠠᠵᠤ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ 2023 ᠣᠨ ᠤ ᠡᠴᠦᠰ ᠪᠣᠯᠲᠠᠯ᠎ᠠ᠂ ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ ᠨᠡᠶᠢᠲᠡ 105 ᠬᠤᠪᠢ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ ᠨᠡᠶᠢᠲᠡ 1682 ᠲᠦᠮᠡᠨ ᠲᠥᠭᠦᠷᠢᠭ ᠲᠠᠷᠬᠠᠭᠠᠨ᠂ ᠨᠡᠶᠢᠲᠡ 260 ᠭᠠᠷᠤᠶ ᠬᠥᠮᠦᠨ ᠤᠳᠠᠭ᠎ᠠ ᠶᠢᠨ ᠠᠵᠢᠯ ᠣᠯᠭᠤᠯᠲᠠ ᠶᠢ ᠳᠠᠶᠢᠴᠢᠯᠠᠵᠤ᠂ ᠲᠡᠵᠢᠭᠡᠨ ᠦᠷᠡᠵᠢᠭᠦᠯᠬᠦ᠂ ᠢᠳᠡᠭᠡᠨ ᠤᠮᠳᠠᠭᠠᠨ᠂ ᠡᠯᠧᠺᠲᠷᠤᠨ ᠬᠤᠳᠠᠯᠳᠤᠭ᠎ᠠ ᠵᠡᠷᠭᠡ ᠣᠯᠠᠨ ᠦᠢᠯᠡᠰ ᠪᠣᠰᠬᠠᠬᠤ ᠬᠥᠮᠦᠰ ᠲᠤ  ᠬᠤᠯᠪᠤᠭᠳᠠᠠᠭᠰᠠᠨ ᠪᠠᠶᠢᠨ᠎ᠠ᠃ ︽ᠲᠠᠷᠠᠭᠠᠴᠢ ᠶᠢᠨ ᠠᠯᠬᠤᠮ ᠳᠤ᠂ ᠪᠢᠳᠡ ᠠᠳᠠᠯ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠵᠢᠭᠡᠯᠡᠯᠭᠡ ᠶᠢᠨ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠵᠢᠭᠡᠯᠡᠯᠭᠡ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠭᠤᠷᠠᠭᠤᠯᠤᠨ᠂ ᠠᠳᠠᠯ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠳᠠᠯ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠨᠠᠩ ᠣᠯᠠᠨ ᠠᠳᠠᠯ ᠦᠢᠯᠡᠰ  ᠪᠣᠰᠬᠠᠬᠤ ᠣᠯᠠᠨ ᠲᠦᠮᠡᠨ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠨ᠎ᠠ︾ ᠭᠡᠵᠦ ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠯᠢᠨ ᠯᠢᠨ ᠬᠡᠯᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号