ᠥᠪᠡᠷᠲᠡᠭᠡᠨ ᠵᠠᠰᠠᠬᠤ ᠣᠷᠣᠨ ᠤ ᠬᠦᠷᠢᠶ᠎ᠡ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠰᠢᠯᠭᠠᠨ ᠠᠪᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠤᠨ ᠬᠢᠨ ᠬᠦᠷᠢᠶ᠎ᠡ ᠬᠤᠰᠢᠭᠤᠨ ᠳᠤ ᠢᠷᠡᠵᠦ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠰᠢᠶᠠᠨ ᠢ ᠡᠭᠦᠳᠦᠨ ᠪᠠᠶᠢᠭᠤᠯᠤᠭᠰᠠᠨ ᠪᠠᠶᠢᠳᠠᠯ ᠤᠨ ᠲᠤᠬᠠᠢ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠭᠰᠡᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠮᠢᠩ ᠮᠢᠩ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠢᠦᠶ ᠮᠢᠩ ᠮᠢᠩ ᠬᠦᠷᠢᠶ᠎ᠡ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠠᠵᠢᠯ ᠢ ᠡᠭᠦᠳᠦᠨ ᠪᠠᠶᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠬᠤᠷᠠᠯ ᠤᠨ ᠳᠠᠷᠠᠭ᠎ᠠ᠂ ᠱᠠᠯᠠᠪᠳᠠᠭᠤᠯᠤᠨ ᠵᠢᠯᠣᠭᠤᠳᠴᠤ ᠦᠨᠡᠯᠡᠬᠦ ᠳᠤᠭᠤᠶᠢᠯᠠᠩ ᠤᠨ ᠬᠢᠨ ᠤᠷᠢᠳ ᠬᠤᠵᠢᠳ ᠬᠦᠷᠢᠶ᠎ᠡ ᠬᠤᠰᠢᠭᠤᠨ ᠤ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠬᠦᠷᠢᠶ᠎ᠡ ᠬᠡᠦᠬᠡᠳ ᠤᠨ ᠴᠡᠴᠡᠷᠯᠢᠭ ᠵᠡᠷᠭᠡ 16 ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠰᠬᠠᠶ ᠰᠤᠷᠪᠤᠯᠵᠢᠯᠠᠨ ᠶᠠᠷᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ᠂ ᠵᠠᠰᠠᠭ ᠤᠨ ᠣᠷᠳᠣᠨ ᠤ ᠪᠠᠲᠤᠯᠠᠭ᠎ᠠ ᠶᠢᠨ ᠪᠠᠶᠢᠳᠠᠯ᠂ ᠠᠰᠠᠷᠠᠨ ᠬᠥᠮᠦᠵᠢᠭᠦᠯᠬᠦ ᠶᠠᠰᠤ ᠴᠢᠨᠠᠷ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠵᠦ ᠰᠢᠯᠭᠠᠨ ᠠᠪᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠠᠷᠢᠭᠤ ᠲᠤᠰᠬᠠᠪᠠ᠃
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号