3 ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠤᠨ ᠬᠢᠨ ᠬᠦᠷᠢᠶ᠎ᠡ ᠬᠤᠰᠢᠭᠤᠨ ᠳᠤ ᠢᠷᠡᠵᠦ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠰᠢᠶᠠᠨ ᠢ ᠡᠭᠦᠳᠦᠨ | ᠪᠠᠶᠢᠭᠤᠯᠤᠭᠰᠠᠨ ᠪᠠᠶᠢᠳᠠᠯ ᠤᠨ ᠲᠤᠬᠠᠢ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠭᠰᠡᠨ ᠪᠥᠭᠡᠳ ᠬᠠᠷᠢᠭᠤ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠢᠦᠶ ᠮᠢᠩ ᠮᠢᠩ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠢᠦᠶ ᠮᠢᠩ ᠮᠢᠩ ᠬᠦᠷᠢᠶ᠎ᠡ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠠᠵᠢᠯ ᠢ ᠡᠭᠦᠳᠦᠨ ᠪᠠᠶᠢᠭᠤᠯᠤᠭᠰᠠᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠬᠢᠪᠠ᠃ ᠬᠤᠷᠠᠯ ᠤᠨ ᠳᠠᠷᠠᠭ᠎ᠠ᠂ ᠱᠠᠯᠠᠪᠳᠠᠭᠤᠯᠤᠨ ᠵᠢᠯᠣᠭᠤᠳᠴᠤ ᠦᠨᠡᠯᠡᠬᠦ | ᠳᠤᠭᠤᠶᠢᠯᠠᠩ ᠤᠨ ᠬᠢᠨ ᠤᠷᠢᠳ ᠬᠤᠵᠢᠳ ᠬᠦᠷᠢᠶ᠎ᠡ ᠬᠤᠰᠢᠭᠤᠨ ᠤ ᠮᠣᠩᠭᠤᠯ ᠦᠨᠳᠦᠰᠦᠲᠡᠨ ᠤ ᠬᠡᠤᠬᠡᠳ ᠤᠨ | ᠴᠡᠴᠡᠷᠯᠢᠭ᠂ ᠬᠦᠷᠢᠶ᠎ᠡ ᠬᠡᠦᠬᠡᠳ ᠤᠨ ᠴᠡᠴᠡᠷᠯᠢᠭ ᠵᠡᠷᠭᠡ 16 ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠰᠬᠠᠶ ᠰᠤᠷᠪᠤᠯᠵᠢᠯᠠᠨ ᠶᠠᠷᠢᠯᠴᠠᠬᠤ᠂ ᠮᠠᠲ᠋ᠧᠷᠢᠶᠠᠯ ᠪᠠᠶᠢᠴᠠᠭᠠᠨ | ᠦᠵᠡᠬᠦ ᠵᠡᠷᠭᠡ ᠠᠷᠭ᠎ᠠ ᠬᠡᠯᠪᠡᠷᠢ ᠪᠠᠷ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ᠂ ᠵᠠᠰᠠᠭ ᠤᠨ ᠣᠷᠳᠣᠨ ᠤ ᠪᠠᠲᠤᠯᠠᠭ᠎ᠠ ᠶᠢᠨ ᠪᠠᠶᠢᠳᠠᠯ᠂ | ᠠᠰᠠᠷᠠᠨ ᠬᠥᠮᠦᠵᠢᠭᠦᠯᠬᠦ ᠶᠠᠰᠤ ᠴᠢᠨᠠᠷ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠶᠢᠨ ᠬᠠᠮᠲᠤ | ᠦᠨᠡᠯᠡᠨ ᠵᠢᠱᠢᠵᠦ ᠰᠢᠯᠭᠠᠨ ᠠᠪᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠠᠷᠢᠭᠤ ᠲᠤᠰᠬᠠᠪᠠ᠃ | | | |