3 ᠰᠠᠷ᠎ᠠ ᠶᠢᠨ 19 ᠤ ᠡᠳᠦᠷ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ 2024 | ᠣᠨ ᠤ ︽ᠬᠤᠶᠠᠷ ᠥᠮᠡᠨ︾ ᠢ ᠦᠨ᠎ᠡ ᠲᠥᠯᠦᠪᠦᠷᠢ ᠦᠭᠡᠢ ᠪᠠᠷ ᠰᠢᠭᠰᠢᠨ ᠪᠠᠶᠢᠴᠠᠭᠠᠬᠤ ᠠᠵᠢᠯ ᠥᠷᠨᠢᠭᠦᠯᠪᠡ᠃ | ᠰᠢᠭᠰᠢᠨ ᠪᠠᠶᠢᠴᠠᠭᠠᠬᠤ ᠠᠬᠤᠢ ᠲᠠᠯᠠᠪᠠᠢ ᠲᠤ᠂ ᠡᠮᠨᠡᠯᠭᠡ ᠶᠢᠨ ᠠᠵᠢᠯᠲᠠᠳ ᠪᠠᠶᠢᠴᠠᠭᠠᠯᠲᠠ ᠬᠢᠬᠦ ᠪᠠᠷ ᠢᠷᠡᠭᠰᠡᠨ | ᠵᠣᠬᠢᠬᠤ ᠨᠠᠰᠤᠨ ᠤ ᠡᠮᠡᠭᠲᠡᠶᠢᠴᠦᠳ ᠨᠢᠭᠡᠪᠦᠷᠢ ᠶᠢ ᠬᠠᠯᠠᠭᠤᠮᠰᠤᠭ ᠢᠶᠠᠷ ᠭᠥᠯᠢᠶᠡᠨ ᠠᠪᠴᠤ᠂ ᠪᠡᠶ᠎ᠡ ᠶᠢᠨ ᠭᠠᠷᠤᠯ ᠤᠨ | ᠮᠡᠳᠡᠭᠡ ᠵᠠᠩᠭᠢ ᠶᠢ ᠨᠢᠭᠡᠳ ᠨᠢᠭᠡ ᠪᠠᠷ ᠬᠠᠷᠭᠤᠭᠤᠯᠤᠨ᠂ ᠪᠡᠶ᠎ᠡ ᠶᠢᠨ ᠪᠠᠶᠢᠳᠠᠯ ᠢ ᠨᠢ ᠨᠠᠷᠢᠨ ᠠᠰᠠᠭᠤᠨ ᠯᠠᠪᠯᠠᠬᠤ ᠶᠢᠨ | ᠬᠠᠮᠲᠤ ᠲᠡᠳᠡᠨ ᠳᠤ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠢ ᠤᠷᠢᠳᠴᠢᠯᠠᠨ | ᠰᠡᠷᠭᠡᠶᠢᠯᠡᠬᠦ ᠵᠡᠷᠭᠡ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠡᠶ᠃ 3 ᠵᠢᠯ ᠤᠨ ᠳᠣᠲᠣᠷ᠎ᠠ ︽ᠬᠤᠶᠠᠷ ᠥᠮᠡᠨ︾ | ᠤ ᠦᠨ᠎ᠡ ᠲᠥᠯᠥᠪᠦᠷᠢ ᠦᠭᠡᠶ ᠪᠠᠷ ᠰᠢᠭᠰᠢᠨ ᠪᠠᠶᠢᠴᠠᠭᠠᠬᠤ ᠳᠤ ᠣᠷᠣᠯᠴᠠᠭᠰᠠᠨ ᠥᠬᠡᠶ 35 - 64 ᠪᠦᠬᠦᠯᠢ | ᠨᠠᠰᠤᠨ ᠤ ᠡᠮᠡᠭᠲᠡᠶᠢᠴᠦᠳ ᠲᠤ ᠲᠣᠰ ᠬᠥᠮᠦᠨ ᠤ ᠪᠡᠶ᠎ᠡ ᠶᠢᠨ ᠦᠨᠡᠮᠯᠡᠯ ᠢᠶᠠᠨ ᠠᠪᠴᠤ ᠳᠠᠷᠤᠶ ᠦᠨ᠎ᠡ ᠲᠥᠯᠥᠪᠦᠷᠢ | ᠥᠬᠡᠶ ᠪᠠᠷ ᠰᠢᠭᠰᠢᠨ ᠪᠠᠶᠢᠴᠠᠭᠠᠯᠲᠠ ᠬᠢᠵᠦ᠂ ᠰᠢᠭᠰᠢᠨ ᠪᠠᠶᠢᠴᠠᠭᠠᠬᠤ ᠲᠥᠷᠥᠯ ᠵᠦᠢᠯ ᠳᠤ ᠡᠮᠡᠭᠲᠡᠶ ᠶᠢᠨ ᠰᠠᠯᠠᠭᠠᠨ ᠤ | ᠪᠠᠶᠢᠴᠠᠭᠠᠯᠲᠠ᠂ ᠬᠥᠬᠦᠨ ᠪᠤᠯᠴᠢᠷᠬᠠᠶ ᠶᠢᠨ ᠪᠠᠶᠢᠴᠠᠭᠠᠯᠲᠠ ᠬᠢᠵᠦ ᠪᠣᠯᠤᠨ᠎ᠠ᠃ | ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠪᠠᠷ ᠳᠠᠮᠵᠢᠭᠤᠯᠤᠨ᠂ ᠡᠷᠲᠡ ᠰᠡᠷᠭᠡᠶᠢᠯᠡᠬᠦ᠂ ᠡᠷᠲᠡ | ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠰᠠᠪᠠ ᠶᠢᠨ ᠬᠦᠵᠦᠭᠦᠨ ᠤ ᠥᠮᠡᠨ᠂ | ᠬᠥᠬᠦᠨ ᠪᠤᠯᠴᠢᠷᠬᠠᠶ ᠶᠢᠨ ᠥᠮᠡᠨ ᠤ ᠡᠪᠡᠳᠴᠢᠨ ᠡᠭᠦᠰᠬᠦ ᠨᠣᠷᠮ᠎ᠠ ᠪᠠ ᠥᠭᠦᠬᠦ ᠨᠣᠷᠮ᠎ᠠ ᠶᠢ ᠪᠠᠭᠤᠷᠠᠭᠤᠯᠬᠤ ᠶᠢᠨ | ᠬᠠᠮᠲᠤ ᠥᠷᠭᠡᠨ ᠣᠯᠠᠨ ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ ᠦᠵᠡᠯ ᠤᠬᠠᠮᠰᠠᠷ ᠪᠠ ᠡᠷᠡᠭᠦᠯ | ᠮᠡᠨᠳᠦ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | | |