ᠯᠢᠦ ᠵᠢᠶᠠᠽᠢ ᠪᠠᠯᠭᠠᠰᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠦᠷᠦᠯ ᠵᠦᠢᠯ ᠢ ᠰᠢᠯᠭᠠᠨ ᠠᠪᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 19 ᠤ ᠡᠳᠦᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠰᠢᠯᠭᠠᠨ ᠠᠪᠬᠤ ᠳᠤᠭᠤᠶᠢᠯᠠᠩ ᠪᠠᠶᠢᠭᠤᠯᠵᠤ ᠯᠢᠦ ᠵᠢᠶᠠᠽᠢ ᠪᠠᠯᠭᠠᠰᠤᠨ ᠤ 2022 ᠣᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠷᠥᠯ ᠵᠦᠢᠯ ᠢ ᠰᠢᠯᠭᠠᠨ ᠠᠪᠤᠪᠠ᠃ ᠰᠢᠯᠭᠠᠨ ᠠᠪᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠠᠬᠢ ᠬᠦᠳᠦᠯᠦᠨ ᠳᠠᠭᠠᠭᠤᠯᠬᠤ ᠦᠢᠯᠡᠳᠦᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 2023 ᠣᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠰᠠᠶᠢᠲᠤᠷ ᠠᠳᠬᠤᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠳᠠᠷᠠᠭᠠᠯᠠᠨ ᠬᠥᠭᠵᠢᠨ ᠪᠤᠵᠠᠭᠠᠶᠢᠷᠠᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号