| | | ᠨᠠᠰᠤᠨ ᠳᠤ ᠥᠯᠥ ᠭᠦᠷᠦᠭᠰᠡᠳ ᠲᠤ ᠬᠤᠣᠷ ᠬᠦᠨᠦᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ᠂ ᠬᠦᠴᠦᠷᠬᠡᠭᠯᠡᠯ ᠤᠨ ᠬᠡᠷᠡᠭ ᠡᠭᠦᠰᠬᠦ ᠶᠢ | ᠦᠨᠡᠨ ᠬᠦ ᠪᠥᠬᠦ ᠲᠠᠯ᠎ᠠ ᠪᠠᠷ ᠰᠡᠷᠭᠡᠶᠢᠯᠡᠨ ᠪᠠᠭᠠᠰᠬᠠᠵᠤ᠂ ᠨᠠᠰᠤᠨ ᠳᠤ ᠥᠯᠥ ᠭᠦᠷᠦᠭᠰᠡᠳ ᠲᠤ ᠬᠤᠣᠷ ᠬᠦᠨᠦᠭᠡᠯ | ᠤᠴᠠᠷᠠᠭᠤᠯᠬᠤ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ ᠪᠥᠬᠦ ᠬᠤᠰᠢᠭᠤᠨ ᠤ | ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠠᠰᠠᠭᠤᠨ ᠯᠠᠪᠯᠠᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ | ᠡᠷᠡᠭᠦᠯ ᠮᠡᠨᠳᠦ ᠪᠠ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ ᠬᠦᠷᠢᠶ᠎ᠡ | ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠨᠠᠰᠤᠨ ᠳᠤ ᠥᠯᠥ ᠭᠦᠷᠦᠭᠰᠡᠳ ᠲᠤ ᠬᠤᠣᠷ | ᠬᠦᠨᠦᠭᠡᠯ ᠤᠴᠠᠷᠠᠭᠤᠯᠬᠤ ᠶᠢ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ᠂ ᠨᠠᠰᠤᠨ ᠳᠤ ᠥᠯᠥ ᠭᠦᠷᠦᠭᠰᠡᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ ᠵᠢᠴᠢ ᠬᠠᠮᠢᠶ᠎ᠠ ᠪᠥᠬᠦᠶ ᠵᠦᠢᠯᠡᠰ ᠢ | ᠳᠣᠣᠷᠠᠬᠢ ᠮᠡᠲᠦ ᠨᠡᠶᠢᠲᠡᠯᠡᠪᠡ᠄ | ᠨᠢᠭᠡᠳᠦᠭᠡᠷ ᠵᠦᠢᠯ ᠨᠠᠰᠤᠨ ᠳᠤ ᠥᠯᠥ ᠭᠦᠷᠦᠭᠰᠡᠳ ᠲᠤ ᠬᠤᠣᠷ ᠬᠦᠨᠦᠭᠡᠯ ᠤᠴᠠᠷᠠᠭᠤᠯᠤᠭᠰᠠᠨ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠳᠤ ᠵᠢᠭᠠᠵᠤ ᠪᠠᠶᠢᠭ᠎ᠠ ᠪᠣᠯᠪᠠᠴᠤ ᠳᠣᠣᠷᠠᠬᠢ ᠠᠭᠤᠯᠭ᠎ᠠ ᠳᠤ | ᠬᠢᠵᠠᠭᠠᠷᠯᠠᠬᠤ ᠦᠭᠡᠢ᠄ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠬᠤ᠂ ᠬᠦᠴᠦᠷᠬᠡᠭᠯᠡᠬᠦ᠂ ᠪᠡᠯᠭᠡ ᠶᠢᠨ ᠬᠠᠯᠳᠠᠯᠭ᠎ᠠ | ᠬᠢᠵᠦ ᠬᠤᠣᠷᠯᠠᠬᠤ᠂ ᠭᠡᠷ ᠪᠦᠯᠢ ᠶᠢᠨ ᠬᠦᠴᠦᠷᠬᠡᠭᠯᠡᠯ᠂ ᠮᠡᠬᠡᠯᠡᠨ ᠬᠤᠳᠠᠯᠳᠤᠬᠤ᠂ ᠨᠠᠰᠤᠨ ᠳᠤ ᠥᠯᠥ ᠭᠦᠷᠦᠭᠰᠡᠳ ᠢ | ᠠᠯᠪᠠᠳᠠᠨ ᠰᠢᠬᠠᠵᠤ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠱᠠᠯᠢᠭ ᠵᠠᠪᠬᠠᠶ᠂ ᠵᠣᠭᠤᠰ ᠨᠠᠭᠠᠳᠬᠤ᠂ ᠬᠤᠤᠷᠲᠤ | ᠡᠳ᠋ ᠫᠠᠨᠽᠠᠯᠠᠬᠤ᠂ ᠬᠤᠯᠠᠭᠠᠶᠢᠯᠠᠵᠤ ᠪᠤᠯᠢᠶᠠᠵᠤ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠤᠷᠤᠯᠴᠠᠭᠤᠯᠬᠤ ᠶᠢ ᠵᠢᠭᠠᠨ᠎ᠠ᠃ | ᠬᠤᠶᠠᠳᠤᠭᠠᠷ ᠵᠦᠢᠯ ᠢᠯᠡᠴᠢᠯᠡᠨ ᠮᠡᠳᠡᠭᠦᠯᠦᠭᠴᠢ ᠠᠴᠠ ᠢᠯᠡᠴᠢᠯᠡᠨ ᠮᠡᠳᠡᠭᠦᠯᠬᠦ ᠳᠡᠭᠡᠨ ᠨᠠᠰᠤᠨ ᠳᠤ ᠦᠯᠦ | ᠬᠦᠷᠦᠭᠰᠡᠳ ᠲᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠴᠠᠭ ᠬᠤᠭᠤᠴᠠᠭ᠎ᠠ᠂ | ᠭᠠᠵᠠᠷ ᠣᠷᠣᠨ᠂ ᠶᠠᠪᠤᠴᠠ ᠵᠡᠷᠭᠡ ᠪᠠᠶᠢᠳᠠᠯ ᠵᠢᠴᠢ ᠶᠠᠯ᠎ᠠ ᠬᠢᠭᠰᠡᠨ ᠰᠡᠵᠢᠭᠲᠡᠨ ᠤ ᠣᠪᠣᠭ ᠨᠡᠷ᠎ᠡ ︵ᠬᠤᠴᠢ ᠨᠡᠷ᠎ᠡ︶᠂ | ᠰᠠᠭᠤᠭ᠎ᠠ ᠭᠠᠵᠠᠷ᠂ ᠴᠢᠮᠡᠭᠡ ᠨᠡᠪᠲᠡᠷᠡᠯᠭᠡ ᠶᠢᠨ ᠠᠷᠭ᠎ᠠ ᠮᠠᠶ᠋ᠢᠭ᠂ ᠭᠤᠤᠯ ᠪᠣᠯᠬᠤ ᠪᠡᠶ᠎ᠡ ᠮᠠᠬᠠᠪᠣᠳ ᠤᠨ ᠣᠨᠴᠠᠯᠢᠭ | ᠰᠢᠨᠵᠢ᠂ ᠠᠵᠢᠯᠯᠠᠭᠠᠨ ᠤ ᠵᠠᠮ ᠱᠤᠭᠤᠮ᠂ ᠨᠢᠭᠤᠵᠤ ᠳᠠᠯᠳᠠᠯᠠᠬᠤ ᠭᠠᠵᠠᠷ ᠵᠡᠷᠭᠡ ᠪᠠᠶᠢᠳᠠᠯ ᠢ ᠠᠯᠢ ᠪᠣᠯᠬᠤ ᠪᠠᠷ ᠨᠠᠷᠢᠨ | ᠲᠣᠳᠣᠷᠬᠠᠶ ᠬᠠᠩᠭᠠᠬᠤ ᠬᠡᠷᠡᠭᠲᠡᠶ᠃ | ᠭᠤᠷᠪᠠᠳᠤᠭᠠᠷ ᠵᠦᠢᠯ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠤᠨ ᠨᠢᠭᠤᠴᠠ ᠶᠢ ᠴᠢᠩᠭ᠎ᠠ ᠬᠠᠮᠠᠭᠠᠯᠠᠵᠤ᠂ | ᠢᠯᠡᠴᠢᠯᠡᠨ ᠮᠡᠳᠡᠭᠦᠯᠦᠭᠴᠢ ᠶᠢᠨ ᠠᠮᠤᠷ ᠲᠦᠪᠰᠢᠨ ᠢ ᠪᠠᠲᠤᠯᠠᠨ᠎ᠠ᠃ ᠡᠭᠦᠨ ᠤ ᠬᠠᠮᠲᠤ ᠮᠠᠭᠤ ᠰᠠᠨᠠᠭ᠎ᠠ ᠲᠠᠢ ᠪᠠᠷ | ᠢᠯᠡᠴᠢᠯᠡᠨ ᠮᠡᠳᠡᠭᠦᠯᠦᠭᠰᠡᠨ᠂ ᠪᠤᠰᠤᠳ ᠢ ᠭᠦᠳᠬᠡᠨ ᠵᠠᠭᠠᠯᠳᠤᠪᠠᠯ ᠰᠠᠬᠢᠯᠭ᠎ᠠ ᠪᠠᠲᠤ ᠬᠠᠤᠯᠢ ᠲᠣᠭᠲᠠᠭᠠᠯ ᠶᠣᠰᠣᠭᠠᠷ | ᠬᠠᠮᠢᠶ᠎ᠠ ᠪᠥᠬᠦᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠳᠥᠷᠪᠡᠳᠦᠭᠡᠷ ᠵᠦᠢᠯ ᠬᠦᠷᠢᠶ᠎ᠡ ᠬᠤᠰᠢᠭᠤ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠬᠡᠪ | ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠵᠦ᠂ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ︽ᠶᠠᠪᠤᠳᠠᠯ ᠰᠡᠳᠭᠢᠯ ᠬᠤᠶᠠᠷ ᠢ ᠰᠢᠢᠳᠪᠦᠷᠢᠯᠡᠬᠦ︾ ᠠᠵᠢᠯ ᠤᠨ ᠠᠷᠭ᠎ᠠ ᠳᠤ | ᠲᠦᠰᠢᠭᠯᠡᠨ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠲᠤ ︽ᠵᠣᠯ | ᠵᠢᠷᠭᠠᠯᠲᠤ ᠣᠷᠳᠤᠨ ᠡᠶ᠎ᠡ ᠵᠣᠬᠢᠴᠠᠯᠲᠤ ᠬᠡᠷ ᠪᠦᠯᠢ︾᠂ ︽ᠵᠠᠯᠠᠭᠤᠴᠤᠳ ᠪᠠᠭᠠᠴᠤᠳ ᠤᠨ ᠰᠡᠳᠬᠢᠴᠡ ᠶᠢᠨ | ᠡᠷᠡᠭᠦᠯ ᠢᠶᠠᠷ ᠦᠰᠦᠨ ᠪᠤᠶᠢᠵᠢᠬᠤ︾ ᠵᠡᠷᠭᠡ ᠠᠵᠢᠯᠯᠠᠬᠤ ᠲᠠᠰᠤᠭ ᠪᠠᠶᠢᠭᠤᠯᠵᠤ᠂ ᠬᠠᠷᠢᠶᠠᠲᠤ ᠣᠷᠣᠨ ᠤ ᠡᠮᠨᠡᠯᠭᠡ ᠶᠢᠨ | ᠬᠤᠷᠢᠶ᠎ᠠ ᠶᠢᠨ ᠰᠡᠳᠬᠢᠴᠡ ᠶᠢᠨ ᠲᠤᠰᠬᠠᠶ ᠰᠠᠯᠠᠭᠠᠨ ᠤ ᠡᠮᠴᠢ᠂ ᠰᠡᠳᠬᠢᠴᠡ ᠶᠢᠨ ᠵᠥᠪᠯᠡᠯᠭᠡ ᠥᠭᠭᠦᠭᠴᠢ ᠪᠠ | ᠰᠡᠳᠬᠢᠴᠡ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠪᠥᠬᠦ | ᠬᠤᠰᠢᠭᠤᠨ ᠤ ᠬᠡᠪᠴᠢᠶᠡᠨ ᠳᠤ ᠨᠠᠰᠤᠨ ᠳᠤ ᠥᠯᠥ ᠭᠦᠷᠦᠭᠰᠡᠳ ᠲᠤ ᠨᠡᠶᠢᠲᠡ ᠶᠢᠨ ᠠᠰᠠᠷᠠᠮᠵᠢ ᠶᠢᠨ ᠰᠡᠳᠬᠢᠴᠡ ᠶᠢᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠵᠥᠪᠯᠡᠯᠭᠡ ᠥᠭᠬᠦ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ | ᠬᠠᠪᠰᠤᠷᠤᠨ ᠵᠢᠯᠣᠭᠤᠳᠣᠯᠭ᠎ᠠ ᠬᠢᠬᠦ ᠵᠡᠷᠭᠡ ᠠᠵᠢᠯᠯᠠᠭ᠎ᠠ ᠬᠠᠩᠭᠠᠵᠤ᠂ ᠵᠠᠯᠠᠭᠤᠴᠤᠳ ᠪᠠᠭᠠᠴᠤᠳ ᠤᠨ ᠨᠠᠵᠠᠭᠠᠢ | ᠰᠡᠳᠬᠢᠯᠭᠡ ᠶᠢ ᠲᠠᠶᠢᠯᠵᠤ᠂ ᠰᠡᠳᠬᠢᠴᠡ ᠶᠢᠨ ᠬᠦᠴᠢᠷᠳᠡᠯ ᠠᠴᠠ ᠠᠩᠭᠢᠵᠢᠷᠠᠬᠤ ᠶᠢ ᠬᠥᠲᠥᠯᠦᠨ ᠵᠢᠯᠣᠭᠤᠳᠤᠨ᠎ᠠ᠃ | ᠲᠠᠪᠤᠳᠤᠭᠠᠷ ᠵᠦᠢᠯ ᠰᠡᠳᠬᠢᠴᠡ ᠶᠢᠨ ᠡᠷᠡᠭᠦᠯ ᠮᠡᠨᠳᠦ ᠶᠢᠨ ᠵᠦᠪᠯᠡᠯᠭᠡ ᠥᠭᠬᠦ ᠬᠡᠪᠴᠢᠶ᠎ᠡ | 1. ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠵᠦᠪᠯᠡᠯᠭᠡ ᠥᠭᠬᠦ᠄ | ᠥᠪᠡᠷ ᠢ ᠪᠠᠨ ᠲᠠᠨᠢᠬᠤ᠂ ᠤᠷᠮ᠎ᠠ ᠰᠡᠳᠬᠢᠯᠭᠡ ᠶᠢᠨ ᠬᠠᠮᠢᠶᠠᠷᠤᠯᠲᠠ᠂ ᠳᠠᠷᠤᠯᠲᠠ ᠶᠢ ᠵᠣᠬᠢᠴᠠᠭᠤᠯᠬᠤ᠂ ᠬᠥᠮᠦᠨ ᠤ | ᠬᠤᠭᠤᠷᠣᠨᠳᠣᠬᠢ ᠬᠠᠷᠢᠴᠠᠭ᠎ᠠ᠂ ᠵᠠᠩ ᠴᠢᠨᠠᠷ ᠤᠨ ᠠᠰᠠᠭᠤᠳᠠᠯ᠂ ᠰᠤᠷᠤᠯᠭ᠎ᠠ ᠶᠢᠨ ᠠᠰᠠᠭᠤᠳᠠᠯ᠂ ᠣᠷᠴᠢᠨ | ᠲᠣᠭᠤᠷᠢᠨ ᠳᠤ ᠵᠣᠬᠢᠴᠠᠬᠤ ᠵᠡᠷᠭᠡ︔ | 2. ᠨᠠᠰᠤᠨ ᠳᠤ ᠥᠯᠥ ᠭᠦᠷᠦᠭᠰᠡᠳ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠯᠭ᠎ᠠ᠄ ᠡᠴᠢᠭᠡ | ᠡᠬᠡ ᠦᠷ᠎ᠡ ᠬᠡᠤᠬᠡᠳ ᠤᠨ ᠰᠤᠷᠭᠠᠨ ᠬᠥᠮᠦᠵᠢᠯ᠂ ᠬᠡᠤᠬᠡᠳ ᠤᠨ ᠦᠰᠦᠨ ᠪᠤᠶᠢᠵᠢᠯᠲᠠ᠂ ᠰᠤᠷᠤᠯᠭ᠎ᠠ ᠶᠢᠨ | ᠲᠥᠯᠥᠪᠵᠢᠭᠦᠯᠭᠡ᠃ | ᠵᠢᠷᠭᠤᠳᠤᠭᠠᠷ ᠵᠦᠢᠯ ᠲᠣᠰ ᠠᠯᠪᠠᠨ ᠵᠠᠷᠯᠠᠯ ᠢ ᠲᠣᠰ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ | ᠪᠦᠬᠦᠢ ᠬᠤᠭᠤᠴᠠᠭ᠎ᠠ ᠨᠢ 2024 ᠣᠨ ᠤ 12 ᠰᠠᠷ᠎ᠠ ᠪᠣᠯᠳᠠᠯ᠎ᠠ᠃ | | ᠬᠤᠰᠢᠭᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠢᠯᠡᠴᠢᠯᠡᠨ | ᠮᠡᠳᠡᠭᠦᠯᠬᠦ ᠶᠢ ᠬᠦᠯᠢᠶᠡᠨ ᠠᠪᠴᠤ ᠤᠲᠠᠰᠤ᠄ | 0475-4777383 | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ | ᠤᠲᠠᠰᠤ᠄ | 0475-4777444 | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠢᠯᠡᠴᠢᠯᠡᠨ ᠮᠡᠳᠡᠭᠦᠯᠬᠦ ᠶᠢ ᠬᠦᠯᠢᠶᠡᠨ | ᠠᠪᠴᠤ ᠤᠲᠠᠰᠤ᠄ | 0475-4777342 | ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠰᠢᠤᠳᠠᠨ ᠬᠠᠶᠢᠷᠴᠠᠭ᠄ | klzfwbgs@163.com | ᠢᠯᠡᠴᠢᠯᠡᠨ ᠮᠡᠳᠡᠭᠦᠯᠬᠦ ᠤᠲᠠᠰᠤ ᠶᠢ ᠬᠦᠯᠢᠶᠡᠨ ᠠᠪᠬᠤ ᠴᠠᠭ ᠪᠣᠯ ᠬᠠᠤᠯᠢ ᠪᠠᠷ ᠲᠣᠭᠲᠠᠭᠠᠭᠰᠠᠨ ᠠᠵᠢᠯᠯᠠᠬᠤ | ᠡᠳᠦᠷ ᠤᠨ ᠠᠵᠢᠯᠯᠠᠬᠤ ᠴᠠᠭ ᠪᠣᠯᠤᠨ᠎ᠠ : ︵ᠦᠳᠡ ᠶᠢᠨ ᠡᠮᠦᠨ᠎ᠡ 8᠄ 30 - 12᠄ 00 ᠦᠳᠡ ᠶᠢᠨ ᠬᠤᠶᠢᠨ᠎ᠠ | 14᠄ 30 - 17᠄ 30︶ | ᠴᠢᠩ ᠰᠢᠨ ᠰᠡᠳᠬᠢᠴᠡ ᠶᠢᠨ ᠠᠵᠢᠯ ᠤᠨ ᠲᠠᠰᠤᠭ ᠤᠨ ᠠᠰᠠᠭᠤᠨ ᠯᠠᠪᠯᠠᠬᠤ ᠤᠲᠠᠰᠤ᠄ 18047580037 | ᠬᠦᠷᠢᠶ᠎ᠡ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠡᠳᠬᠢᠴᠡ ᠶᠢᠨ ᠪᠠᠴᠢᠮ ᠪᠠᠶᠢᠳᠠᠯ ᠢ ᠠᠷᠭᠠᠴᠠᠬᠤ | ᠦᠢᠯᠡᠴᠢᠯᠡᠭᠡᠨ ᠤ ᠲᠦᠩᠯᠢᠶᠣᠤ ᠬᠤᠲᠠ ᠶᠢᠨ ᠰᠠᠯᠪᠤᠷᠢ ᠠᠩᠭᠢ ᠶᠢᠨ ᠦᠢᠯᠡᠴᠢᠯᠡᠭᠡᠨ ᠤ ᠬᠠᠯᠠᠮᠰᠢᠯ ᠤᠲᠠᠰᠤ᠄ | ᠬᠦᠷᠢᠶ᠎ᠡ ᠬᠤᠰᠢᠭᠤᠨ ᠤ ᠨᠠᠷᠠᠲᠤ ᠵᠢᠵᠢᠭ ᠫᠷᠤᠭ᠍ᠷᠠᠮ ᠤᠨ ᠦᠢᠯᠡᠴᠢᠯᠡᠭᠡᠨ ᠤ ᠲᠠᠪᠴᠠᠩ | | ︵ᠺᠣᠳ᠋ ᠢ ᠰᠢᠷᠪᠢᠵᠤ ᠶᠢ ᠫᠷᠤᠭ᠍ᠷᠠᠮ ᠳᠤ ᠣᠷᠣᠵᠤ ᠯᠠᠪᠯᠠᠭ᠎ᠠ ᠠᠪᠤᠭᠠᠷᠠᠢ︶ | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ | ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠬᠦᠷᠢᠶ᠎ᠡ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ | ᠬᠦᠷᠢᠶ᠎ᠡ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ | 2024 ᠣᠨ ᠤ 3 ᠰᠠᠷ᠎ᠠ ᠶᠢᠨ 25 ᠤ ᠡᠳᠦᠷ | |