ᠵᠢᠷᠭᠤᠭᠠᠨ ᠰᠤᠷᠭᠠᠭᠤᠯᠢ ᠶᠢᠨ ᠬᠤᠯᠪᠤᠭ᠎ᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15 ᠤ ᠡᠳᠦᠷ᠂ ︽ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠵᠦ   ᠬᠠᠮᠲᠤ ᠪᠠᠷ ᠡᠳ᠋ᠯᠡᠵᠦ ᠬᠠᠮᠲᠤ ᠪᠠᠷ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠭᠰᠠᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠭᠠᠨᠵᠤᠭ᠎ᠠ ᠬᠤᠶᠠᠳᠤᠭᠠᠷ ᠳᠤᠮᠳᠠᠳᠤ ᠰᠤᠷᠭᠠᠭᠤᠯᠢ᠂ ᠨᠠᠢᠮᠠᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠺᠠᠶᠢᠯᠦ ᠰᠢᠶᠠᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠨᠠᠢᠮᠠᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠢᠦᠶ ᠯᠢᠶᠠᠩ ᠫᠦ᠋ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠵᠢᠷᠭᠤᠭᠠᠨ ᠰᠤᠷᠭᠠᠭᠤᠯᠢ ᠶᠢᠨ ᠬᠤᠯᠪᠤᠭ᠎ᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠣᠯᠢᠯᠴᠠᠭᠠᠨ ᠤ ᠠᠵᠢᠯᠯᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃    ᠠᠵᠢᠯᠯᠠᠭ᠎ᠠ ᠶᠢᠨ ᠳᠤᠮᠳᠠ᠂ ᠲᠦᠩᠯᠢᠶᠣᠤ ᠬᠤᠲᠠ ᠶᠢᠨ ᠵᠢᠷᠭᠤᠭᠠᠨ ᠰᠤᠷᠭᠠᠭᠤᠯᠢ ᠶᠢᠨ ᠬᠤᠯᠪᠤᠭ᠎ᠠ ᠶᠢᠨ ᠪᠠᠭᠰᠢ ᠨᠠᠷ ᠠᠳᠠᠯᠢ ᠬᠢᠴᠢᠶᠡᠯ ᠤᠨ ᠣᠨᠳᠣᠣᠰᠢᠯ᠂ ᠬᠢᠴᠢᠶᠡᠯ ᠲᠥᠷᠥᠯ ᠬᠤᠪᠢᠶᠠᠨ ᠬᠢᠴᠢᠶᠡᠯ ᠦᠨᠡᠯᠡᠨ ᠰᠣᠯᠢᠯᠴᠠᠬᠤ ᠵᠡᠷᠭᠡ ᠬᠡᠯᠪᠡᠷᠢ ᠪᠠᠷ ᠬᠠᠷᠢᠯᠴᠠᠨ ᠰᠣᠯᠢᠯᠴᠠᠪᠠ᠃ ᠵᠢᠷᠭᠤᠭᠠᠨ ᠬᠤᠯᠪᠤᠭᠠᠯᠠᠭᠰᠠᠨ ᠰᠤᠷᠭᠠᠭᠤᠯᠢ ᠥᠪᠡᠷ ᠥᠪᠡᠷ ᠤᠨ ᠰᠤᠷᠭᠠᠭᠤᠯᠢ ᠶᠢᠨ ᠢᠶᠠᠨ ᠰᠤᠷᠤᠯᠭ᠎ᠠ ᠶᠢᠨ ᠪᠠᠶᠢᠳᠠᠯ ᠢ ᠦᠨᠳᠦᠰᠦᠯᠡᠨ᠂ ᠵᠢᠭᠠᠨ ᠰᠤᠷᠭᠠᠯᠲᠠ ᠶᠢᠨ ᠠᠷᠭ᠎ᠠ ᠬᠢᠳᠡᠯ ᠪᠠ ᠲᠤᠷᠰᠢᠯᠭ᠎ᠠ ᠪᠠᠷ ᠬᠠᠷᠢᠯᠴᠠᠨ ᠲᠣᠯᠢ ᠪᠣᠯᠭᠠᠵᠤ᠂ ᠵᠢᠷᠭᠤᠭᠠᠨ ᠰᠤᠷᠭᠠᠭᠤᠯᠢ ᠶᠢᠨ ᠬᠤᠯᠪᠤᠭ᠎ᠠ ᠶᠢᠨ ᠵᠢᠭᠠᠨ ᠰᠤᠷᠭᠠᠯᠲᠠ ᠶᠢᠨ ᠬᠠᠮᠲᠤ ᠶᠢᠨ ᠳᠠᠪᠰᠢᠯᠲᠠ ᠶᠢ ᠠᠬᠢᠭᠤᠯᠪᠠ᠃
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号