ᠬᠠᠰᠤᠨᠲᠤᠩᠭᠠᠯᠠᠭ ᠪᠣᠯ ᠲᠦᠩᠯᠢᠶᠣᠣ ᠬᠤᠳᠠ ᠶᠢᠨ ᠬᠦᠷᠢᠶ᠎ᠡ ᠬᠤᠰᠢᠭᠤᠨ ᠤ ᠡᠯᠡᠰᠦᠨ ᠪᠠᠯᠭᠠᠰᠤᠨ ᠤ ᠠᠷᠪᠠ | ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠰᠠ ᠲᠤᠰ | ᠪᠠᠯᠭᠠᠰᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠭᠡᠰᠢᠭᠦᠨ ᠪᠣᠯᠣᠨ᠎ᠠ᠂ ᠲᠡᠷᠡ ᠥᠪᠡᠷ ᠤᠨ | ᠦᠶ᠋ᠯᠡ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠲᠦᠮᠡᠨ ᠤ ᠬᠦᠷᠢᠶᠡᠯᠡᠯ ᠢ ᠣᠯᠪᠠ᠃ | ᠲᠡᠭᠦᠨ ᠤ ᠲᠤᠬᠠᠶᠢᠯᠠᠭᠰᠠᠨ ᠠᠵᠢᠯ ᠪᠣᠯ ᠡᠯᠡᠰᠦᠨ ᠪᠠᠯᠭᠠᠰᠤᠨ ᠤ ᠰᠦᠷᠲᠦ ᠭᠠᠴᠠᠭᠠᠨ ᠤ ᠨᠢᠭᠡᠨ ᠲᠣᠰᠬᠤᠨ ᠤ | ᠡᠮᠴᠢ ᠪᠣᠯᠣᠨ᠎ᠠ᠂ ᠲᠡᠷᠡ ᠤᠯᠠᠨ ᠵᠢᠯ ᠡᠮᠴᠢᠯᠡᠵᠦ᠂ ᠮᠠᠰᠢ ᠤᠯᠠᠨ ᠬᠦᠴᠢᠷ ᠲᠦᠪᠡᠭ ᠲᠠᠢ ᠡᠪᠡᠳᠴᠢᠨ ᠳᠤ | ᠲᠤᠯᠭᠠᠷᠠᠵᠤ᠂ ᠭᠠᠴᠠᠭ᠎ᠠ ᠶᠢᠨ ᠨᠠᠰᠤᠲᠠᠶᠢᠴᠤᠳ ᠤᠨ ᠡᠪᠡᠳᠴᠢᠨ ᠦᠵᠡᠭᠦᠯᠭᠦ ᠳᠤ ᠬᠦᠴᠢᠷ᠂ ᠡᠪᠡᠳᠴᠢᠨ | ᠦᠵᠡᠭᠦᠯᠭᠦ ᠳᠤ ᠦᠨᠡᠲᠡᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠡᠷ ᠤᠨ | ᠰᠦᠢᠳᠬᠡᠯ ᠢᠶᠠᠷ ᠢᠶᠠᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ | ᠬᠤᠷᠢᠶ᠎ᠠ ᠳᠤ ᠬᠦᠷᠴᠦ ᠳᠠᠪᠲᠠᠨ ᠪᠣᠯᠪᠠᠰᠤᠷᠠᠭᠰᠠᠨ ᠪᠥᠭᠡᠳ ᠲᠤᠬᠠᠢ ᠶᠢᠨ ᠭᠠᠵᠠᠷ ᠤᠨ ᠨᠡᠷᠡᠳᠤ ᠮᠣᠩᠭᠤᠯ ᠡᠮᠴᠢ ᠠᠴᠠ | ᠬᠢᠴᠢᠶᠡᠩᠭᠦ᠋ᠢᠯᠡᠨ ᠰᠤᠷᠤᠯᠴᠠᠵᠤ᠂ ᠰᠣᠷᠣᠭᠤᠯ ᠲᠠᠯᠪᠢᠬᠤ᠂ ᠬᠠᠨᠠᠬᠤ ᠵᠠᠰᠠᠯ᠂ ᠭᠠᠯ ᠵᠠᠰᠠᠯ ᠵᠡᠷᠭᠡ ᠡᠮᠴᠢᠯᠡᠭᠡᠨ ᠤ | ᠮᠡᠷᠭᠡᠵᠢᠯ ᠢ ᠰᠢᠰᠲ᠋ᠧᠮ ᠲᠠᠢ ᠰᠤᠷᠤᠯᠴᠠᠨ ᠠᠵᠢᠯ ᠤᠨ ᠳᠤᠮᠳᠠ ᠪᠠᠨ ᠬᠡᠷᠡᠭᠯᠡᠵᠦ᠂ ᠬᠤᠯᠠ ᠣᠶᠢᠷ᠎ᠠ ᠳᠠᠭᠠᠨ | ᠠᠯᠳᠠᠷᠰᠢᠭᠰᠠᠨ ᠡᠮᠴᠢ ᠪᠣᠯᠵᠠᠢ᠃ ᠬᠠᠰᠤᠨᠲᠤᠩᠭᠠᠯᠠᠭ ᠵᠠᠷᠢᠮ ᠬᠢᠲᠠᠳ ᠦᠰᠦᠭ ᠮᠡᠳᠡᠬᠦ ᠦᠭᠡᠢ ᠠᠬᠠᠮᠠᠳ ᠮᠠᠯᠴᠢᠨ | ᠲᠠᠷᠢᠶᠠᠴᠢᠨ ᠢ ᠬᠠᠯᠠᠮᠵᠢᠯᠠᠨ ᠬᠢᠲᠠᠳ ᠡᠮ ᠤᠨ ᠬᠠᠶᠢᠷᠴᠠᠭ ᠪᠣᠯᠭᠠᠨ ᠳᠡᠭᠡᠷ᠎ᠡ ᠪᠦᠷ ᠮᠣᠩᠭᠤᠯ ᠦᠰᠦᠭ ᠢᠶᠠᠷ ᠬᠡᠷᠡᠭᠯᠡᠬᠦ | ᠠᠷᠭ᠎ᠠ ᠪᠠ ᠬᠡᠮᠵᠢᠶ᠎ᠡ ᠶᠢ ᠲᠡᠮᠳᠡᠭᠯᠡᠨ ᠥᠭᠴᠦ᠂ ᠲᠡᠳᠡᠨ ᠤ ᠡᠮ ᠢᠶᠠᠨ ᠪᠤᠷᠤᠭᠤ ᠤᠤᠭᠤᠬᠤ ᠠᠴᠠ ᠬᠢᠴᠢᠶᠡᠵᠦ᠂ | ᠦᠢᠯᠡ ᠠᠵᠢᠯᠯᠠᠭ᠎ᠠ ᠶᠢᠨ ᠬᠢᠨᠢ ᠵᠢᠵᠢᠭ ᠰᠠᠵᠢᠭ ᠨᠠᠷᠢᠨ ᠵᠦᠢᠯᠡᠰ ᠲᠤᠨᠢ ᠡᠮᠴᠢ ᠬᠥᠮᠥᠨ ᠤ ᠡᠨᠡᠷᠢᠩᠭᠦᠢ ᠰᠡᠳᠬᠢᠯ | ᠢᠯᠡᠷᠡᠵᠦ ᠪᠠᠶᠢᠳᠠᠭ᠃ ᠵᠢᠱᠢᠶᠡᠯᠡᠪᠡᠯ᠂ ᠵᠢᠯ ᠪᠦᠷᠢ ᠰᠦᠷᠲᠦ ᠭᠠᠴᠠᠭᠠᠨ ᠤ 1125 ᠭᠠᠴᠠᠭᠠᠨ ᠤ ᠠᠷᠠᠳ ᠲᠤ ᠨᠢᠭᠡ | ᠤᠳᠠᠭ᠎ᠠ ᠰᠦᠢᠳᠬᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠬᠢᠵᠦ ᠥᠭᠬᠦ ᠶᠢᠨ ᠬᠠᠮᠲᠤ ᠬᠥᠮᠥᠨ ᠪᠦᠷᠢ ᠳᠤ | ᠨᠢᠭᠡ ᠬᠤᠪᠢ ᠡᠷᠡᠭᠦᠯ ᠮᠡᠨᠳᠦ ᠶᠢᠨ ᠨᠠᠷᠢᠨ ᠲᠠᠩᠰᠠ ᠡᠪᠬᠡᠮᠡᠯ ᠡᠮᠬᠢᠯᠡᠨ ᠥᠭᠴᠦ᠂ ᠡᠷᠡᠭᠦᠯ ᠮᠡᠨᠳᠦ ᠶᠢᠨ | ᠵᠢᠯᠣᠭᠤᠳᠤᠯᠭ᠎ᠠ ᠬᠢᠳᠡᠭ᠃ | ᠲᠡᠷᠡ ᠪᠠᠷ ᠲᠦᠩᠯᠢᠶᠣᠣ ᠬᠤᠲᠠ᠂ ᠬᠦᠷᠢᠶ᠎ᠡ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ︽ᠶᠣᠰᠣ ᠰᠤᠷᠲᠠᠬᠤᠨ ᠤ ᠵᠢᠱᠢᠶᠡᠴᠢ︾ ᠪᠠᠷ ᠨᠡᠷ᠎ᠡ | ᠳᠤᠷᠠᠳᠤᠭᠳᠠᠵᠤ᠂ ᠲᠥᠪ ᠤᠨ ᠲᠧᠯᠸᠢᠰ ᠬᠤᠷᠢᠶ᠎ᠠ ᠶᠢᠨ ︽ᠬᠠᠮᠤᠭ ᠤᠨ ᠭᠤᠶᠣ ᠬᠥᠳᠡᠭᠡ ᠲᠣᠰᠬᠤᠨ ᠤ ᠡᠮᠴᠢ ᠶᠢ | ᠡᠷᠢᠶ᠎ᠡ︾ ᠪᠤᠯᠤᠩ ᠳᠤ ᠰᠣᠩᠭᠤᠭᠳᠠᠨ ᠣᠷᠣᠵᠤ᠂ ︽ᠳᠤᠮᠳᠠᠳᠤ ᠤᠯᠤᠰ ᠤᠨ ᠡᠮᠴᠢ ᠶᠢᠨ ᠱᠠᠩᠨᠠᠯ︾ ᠢ ᠬᠦᠷᠲᠡᠵᠦ | ᠥᠩᠭᠡᠷᠡᠵᠡᠢ᠂ ᠲᠡᠭᠦᠨ ᠤ ᠬᠤᠪᠢ ᠬᠥᠮᠥᠨ ᠤ ᠦᠶ᠋ᠯᠡ ᠠᠵᠢᠯᠯᠠᠭ᠎ᠠ ᠶᠢ ᠲᠥᠪ ᠤᠨ ᠲᠧᠯᠸᠢᠰ ᠬᠤᠷᠢᠶ᠎ᠠ᠂ ︽ | ᠳᠤᠮᠳᠠᠳᠤ ᠤᠯᠤᠰ ᠤᠨ ᠪᠣᠯᠪᠠᠰᠤᠨ ᠤ ᠰᠦᠯᠵᠢᠶ᠎ᠡ︾ ᠵᠡᠷᠭᠡ ᠵᠠᠭᠤᠴᠢᠯᠠᠭᠤᠷ ᠤᠨ ᠬᠢᠨ ᠣᠯᠠᠨᠲᠠ ᠤᠬᠠᠭᠤᠯᠤᠨ | ᠮᠡᠳᠡᠭᠡᠯᠡᠵᠦ ᠥᠩᠭᠡᠷᠡᠭᠰᠡᠨ ᠶᠤᠮ᠃ |