4 ᠰᠠᠷ᠎ᠠ ᠶᠢᠨ 8 ᠤ ᠡᠳᠦᠷ᠂ 2024 ᠣᠨ ᠤ ᠬᠦᠷᠢᠶ᠎ᠡ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠤᠷᠠᠯᠢᠭ ᠤᠨ ᠤᠷᠤᠯᠳᠤᠭᠠᠨ ᠬᠤᠰᠢᠭᠤᠨ ᠤ ᠰᠣᠶᠣᠯ ᠤᠨ ᠤᠬᠠᠭᠤᠯᠭ᠎ᠠ ᠶᠢᠨ ᠲᠥᠪ ᠤᠨ ᠣᠯᠠᠨ | ᠴᠢᠳᠠᠮᠵᠢᠳᠤ ᠲᠢᠩᠬᠢᠮ ᠳᠤ ᠶᠠᠪᠤᠭᠳᠠᠪᠠ᠃ ᠤᠷᠤᠯᠳᠤᠭᠠᠨ ᠨᠢ ︽ᠨᠠᠮ ᠤᠨ ᠠᠴᠢ ᠳᠤ ᠲᠠᠯᠠᠷᠬᠠᠵᠤ ᠨᠠᠮ ᠤᠨ | ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠡᠬᠦ ᠪᠠᠷ ᠭᠤᠣᠯ ᠰᠡᠳᠦᠪ ᠪᠣᠯᠭᠠᠵᠤ᠂ ᠭᠤᠴᠣᠯᠠᠯ ᠳᠠᠭᠤᠤ᠂ | ᠭᠤᠴᠣᠯᠠᠯ ᠬᠥᠭᠵᠢᠮ᠂ ᠭᠤᠴᠣᠯᠠᠯ ᠪᠥᠵᠢᠭ ᠢᠶᠠᠷ ᠠᠭᠤᠯᠭ᠎ᠠ ᠪᠣᠯᠭᠠᠵᠤ᠂ ᠪᠠᠭ᠎ᠠ ᠰᠤᠷᠭᠠᠭᠤᠯᠢ ᠶᠢᠨ ᠳᠤᠭᠤᠶᠢᠯᠠᠩ᠂ | ᠠᠩᠬ᠎ᠠ ᠳᠤᠮᠳᠠᠳᠤ ᠶᠢᠨ ᠳᠤᠭᠤᠶᠢᠯᠠᠩ ᠳᠤ ᠲᠤᠰ ᠲᠤᠰ ᠥᠷᠢᠰᠥᠯᠳᠦᠭᠡᠨ ᠶᠠᠪᠤᠭᠤᠯᠪᠠ᠃ ᠤᠷᠤᠯᠳᠤᠭᠠᠨ ᠤ | ᠲᠤᠬᠠᠢ ᠶᠢᠨ ᠲᠠᠯᠠᠪᠠᠢ ᠳᠤ᠂ ᠣᠷᠤᠯᠴᠠᠭᠰᠠᠳ ᠭᠤᠣᠯ ᠰᠡᠳᠦᠪ ᠢᠶᠠᠷ ᠢᠯᠡ ᠲᠣᠳᠣ᠂ ᠣᠷᠭᠢᠯᠦᠮᠠ ᠰᠡᠳᠭᠢᠯᠭᠡ ᠲᠠᠢ | ᠥᠭᠡᠳᠡᠯᠡᠨ ᠲᠠᠪᠰᠢᠬᠰᠠᠨ ᠰᠣᠩᠭᠤᠳᠠᠭ ᠳᠠᠭᠤᠤ ᠨᠤᠭᠤᠳ ᠢ ᠬᠥᠭᠵᠢᠮᠳᠡᠪᠡ᠃ ᠪᠥᠬᠦ ᠬᠤᠰᠢᠭᠤᠨ ᠤ ᠡᠯ᠎ᠡ ᠳᠤᠮᠳᠠᠳᠤ | ᠪᠠᠭ᠎ᠠ ᠰᠤᠷᠭᠠᠭᠤᠯᠢ ᠶᠢᠨ 66 ᠰᠣᠷᠣᠭᠴᠢ ᠤᠷᠤᠯᠳᠤᠭᠠᠨ ᠳᠤ ᠣᠷᠣᠯᠴᠠᠵᠤ᠂ ᠬᠠᠮᠤᠭ ᠡᠴᠦᠰ ᠲᠤ ᠪᠠᠭ᠎ᠠ | ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠲᠣᠰ ᠲᠣᠰ | ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ | ᠱᠠᠩᠨᠠᠯ 3 ᠨᠡᠷᠡᠰ ᠢ ᠰᠢᠯᠭᠠᠷᠠᠭᠤᠯᠪᠠ᠃ | | | |