5 ᠰᠠᠷ᠎ᠠ ᠶᠢᠨ 10 ᠤ ᠡᠳᠦᠷ᠂ ᠬᠤᠰᠢᠭᠤᠨ ᠤ ᠰᠠᠭᠤᠭᠠᠯᠢ ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠨᠢ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠷᠢᠶᠠᠲᠤ ᠣᠷᠣᠨ ᠤ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠲᠠᠢ ᠬᠠᠮᠲᠤᠷᠠᠨ ︽ᠬᠥᠮᠦᠨ ᠪᠦᠬᠦᠨ ᠠᠮᠤᠷ ᠲᠦᠪᠰᠢᠨ ᠢ | ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠦ ᠳᠡᠶᠢᠯᠬᠦ— ᠦᠨᠳᠦᠰᠦᠨ ᠱᠠᠲᠤᠨ ᠤ ᠭᠠᠮᠰᠢᠭ ᠢ | ᠰᠡᠷᠭᠡᠶᠢᠯᠡᠬᠦ ᠠᠶᠤᠯ ᠠᠴᠠ ᠵᠠᠶᠢᠯᠠᠬᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠬᠦ︾ ᠭᠠᠯ ᠤᠨᠲᠠᠷᠠᠭᠠᠬᠤ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ | ᠭᠠᠯ ᠤᠨ ᠠᠶᠤᠯ ᠡᠭᠦᠰᠬᠦ ᠦᠶ᠎ᠡ ᠶᠢᠨ ᠠᠷᠭᠠᠴᠠᠬᠤ ᠠᠷᠭ᠎ᠠ ᠪᠠ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ | ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠲᠤᠬᠠᠶ ᠶᠢᠨ ᠲᠠᠯᠠᠪᠤᠷ ᠲᠤ ᠦᠵᠡᠭᠦᠯᠵᠦ᠂ ᠰᠠᠭᠤᠭᠠᠯᠢ ᠠᠷᠠᠳ ᠲᠤ ᠭᠠᠯ | ᠤᠨᠲᠠᠷᠠᠭᠠᠬᠤ ᠮᠡᠳᠡᠯᠭᠡ ᠪᠠ ᠤᠷ᠎ᠠ ᠴᠢᠳᠠᠪᠤᠷᠢ ᠶᠢ ᠵᠥᠪ ᠡᠵᠡᠮᠰᠢᠭᠦᠯᠪᠡ᠃ | | | |