ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠣᠢ ᠰᠢᠭᠤᠢ ᠶᠢᠨ ᠶᠡᠷᠦᠩᠬᠡᠢ ᠳᠠᠷᠤᠭ᠎ᠠ ᠮᠧᠩ ᠰᠢᠶᠠᠨ | ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠣᠢ | ᠰᠢᠭᠤᠢ ᠶᠢᠨ ᠶᠡᠷᠦᠩᠬᠡᠢ ᠳᠠᠷᠤᠭ᠎ᠠ ᠴᠢ᠊ · ᠳᠠᠯᠠᠨᠲᠠᠢ ᠬᠠᠮᠲᠤ ᠪᠠᠷ ᠲᠦᠩᠯᠢᠶᠣᠣ ᠬᠤᠲᠠ ᠶᠢᠨ 2024 ᠣᠨ ᠤ 1 | ᠳ᠋ᠦ᠋ᠭᠡᠷ ᠲᠣᠭᠠᠲᠤ ᠣᠢ ᠰᠢᠭᠤᠢ ᠶᠢᠨ ᠳᠠᠷᠤᠭ᠎ᠠ ᠶᠢᠨ ᠵᠠᠷᠯᠢᠭ ︽︿ᠲᠦᠩᠯᠢᠶᠣᠣ ᠬᠤᠲᠠ ᠶᠢᠨ 2024 ᠣᠨ ᠤ ᠣᠢ | ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ᠳᠤ ᠭᠠᠷ ᠤᠨ ᠥᠰᠥᠭ ᠵᠢᠷᠤᠵᠤ᠂ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠷ᠎ᠡ ᠪᠦᠲᠦᠮᠵᠢ ᠶᠢ | ᠴᠢᠩᠭᠠᠳᠬᠠᠪᠠ︔ ᠵᠠᠰᠠᠵᠤ ᠬᠠᠮᠠᠭᠠᠯᠠᠬᠤ ᠶᠢ ᠬᠦᠴᠦᠲᠡᠢ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠪᠠ︔ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠦᠢᠯᠡᠳᠦᠯ ᠢ ᠦᠨᠡᠨᠬᠦ | ᠪᠠᠳᠠᠷᠠᠭᠤᠯᠵᠤ᠂ ᠦᠢᠯᠡᠴᠢᠯᠡᠭᠡᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ 3 ᠲᠠᠯ᠎ᠠ ᠪᠠᠷ 2024 ᠣᠨ ᠤ | ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ 12 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃ | | ᠣᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ | ᠨᠠᠭᠤᠷ ᠪᠡᠯᠴᠢᠭᠡᠷ ᠡᠯᠡᠰᠦ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠪᠠᠷ ᠦᠨᠳᠦᠰᠦᠨ ᠬᠠᠷᠠᠯᠲᠠ | ᠪᠣᠯᠭᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ︽ | ᠭᠤᠷᠪᠠᠨ ᠤᠮᠠᠷᠠᠲᠤ︾ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠬᠤᠷᠴᠢᠨ ᠤ ᠡᠯᠡᠰᠦᠷᠬᠡᠭ | ᠭᠠᠵᠠᠷ ᠢ ᠴᠥᠮ ᠬᠥᠬᠡᠷᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠢ ᠰᠢᠭᠤᠢ ᠨᠤᠲᠤᠭ | ᠪᠡᠯᠴᠢᠭᠡᠷ ᠢ ᠴᠢᠨᠠᠷ ᠰᠠᠶᠢᠲᠠᠢ ᠬᠥᠭᠵᠢᠭᠦᠯᠬᠦ ᠪᠠ ᠥᠨᠳᠥᠷ ᠲᠦᠪᠰᠢᠨ ᠢᠶᠠᠷ ᠬᠠᠮᠠᠭᠠᠯᠠᠬᠤ ᠶᠢ ᠬᠠᠮᠵᠢᠯᠴᠠᠨ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠣᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠣᠢ ᠰᠢᠭᠤᠢ ᠶᠢᠨ ᠳᠠᠷᠤᠭ᠎ᠠ ᠶᠢᠨ ᠳᠦᠷᠢᠮᠵᠢᠯ ᠲᠠᠢ ᠪᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠬᠤᠰᠢᠭᠤ᠂ ᠪᠠᠯᠭᠠᠰᠤ᠂ ᠲᠣᠰᠬᠤᠨ | ᠭᠤᠷᠪᠠᠨ ᠱᠠᠲᠤᠨ ᠤ ᠣᠢ ᠰᠢᠭᠤᠢ ᠶᠢᠨ ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠣᠯᠣᠨ ᠬᠠᠷᠢᠭᠤᠴᠠᠯᠭ᠎ᠠ | ᠨᠡᠬᠡᠮᠵᠢᠯᠡᠬᠦ ᠶᠢ ᠲᠡᠭᠦᠯᠳᠡᠷᠵᠢᠭᠦᠯᠬᠦ ᠬᠡᠷᠡᠭᠲᠡᠢ︔ ︽ᠨᠢᠭᠡ ᠳᠠᠷᠤᠭ᠎ᠠ ᠬᠤᠶᠠᠷ ᠠᠵᠢᠯᠲᠠᠨ︾ ᠤ ᠬᠠᠮᠢᠶᠠᠷᠤᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠢ ᠵᠢᠯᠣᠭᠤᠳᠤᠨ ᠲᠣᠣᠷᠤᠯᠵᠢ ᠶᠢᠨ ᠠᠵᠢᠯᠲᠠᠨ ᠤ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠣᠣᠷᠤᠯᠵᠢ ᠶᠢᠨ ᠠᠵᠢᠯᠲᠠᠨ ᠤ ᠰᠣᠩᠭᠤᠨ ᠡᠯᠰᠡᠬᠦ᠂ | ᠲᠣᠭᠤᠷᠢᠨ ᠬᠠᠮᠠᠭᠠᠯᠠᠬᠤ᠂ ᠱᠠᠩᠨᠠᠵᠤ ᠲᠣᠷᠭᠠᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ︔ ᠤᠢ ᠰᠢᠭᠤᠢ ᠶᠢᠨ | ᠳᠠᠷᠤᠭ᠎ᠠ ᠶᠢᠨ ᠳᠦᠷᠢᠮ ᠤᠨ ᠵᠢᠱᠢᠶ᠎ᠡ ᠦᠵᠡᠭᠦᠯᠬᠦ ᠴᠡᠭ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ | ᠥᠷᠨᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠪᠦᠬᠦ ᠬᠤᠳᠠ ᠶᠢᠨ ᠤᠢ ᠰᠢᠭᠤᠢ ᠶᠢᠨ ᠳᠠᠷᠤᠭ᠎ᠠ ᠶᠢᠨ | ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠣᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ︽ᠲᠦᠩᠯᠢᠶᠣᠣ ᠬᠤᠲᠠ ᠶᠢᠨ ︿ᠭᠤᠷᠪᠠᠨ ᠤᠮᠠᠷᠠᠲᠤ﹀ ᠶᠢᠨ | ᠢᠨᠵᠧᠨᠧᠷᠢᠩ ᠢ ᠠᠬᠢᠭᠤᠯᠵᠤ ᠬᠤᠷᠴᠢᠨ ᠤ ᠡᠯᠡᠰᠦᠷᠬᠡᠭ ᠭᠠᠵᠠᠷ ᠢ ᠴᠥᠮ ᠬᠥᠬᠡᠷᠡᠭᠦᠯᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠵᠤ᠂ ᠬᠤᠷᠴᠢᠨ ᠤ | ᠡᠯᠡᠰᠦᠷᠬᠡᠭ ᠭᠠᠵᠠᠷ ᠢ ᠴᠥᠮ ᠬᠥᠬᠡᠷᠡᠭᠦᠯᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ︔ | ᠤᠢ ᠰᠢᠭᠤᠢ ᠶᠢ ᠱᠠᠭᠠᠷᠳᠠᠨ ᠪᠠᠶᠢᠴᠠᠭᠠᠬᠤ ᠪᠠ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠳᠦᠷᠰᠦ ᠶᠢ | ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠡᠯ᠎ᠡ ᠲᠦᠷᠦᠯ ᠤᠨ ᠠᠵᠢᠯᠯᠠᠭ᠎ᠠ ᠶᠢ ᠦᠷᠭᠦᠯᠵᠢᠯᠡᠨ ᠴᠡᠭᠴᠡᠯᠡᠨ ᠵᠠᠰᠠᠵᠤ᠂ | ᠪᠠᠶᠢᠭᠠᠯᠢ ᠶᠢᠨ ᠤᠢ ᠶᠢᠨ ᠬᠠᠮᠠᠭᠠᠯᠠᠯᠲᠠ ᠪᠠ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ | ᠴᠡᠭ ᠤᠨ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠢ︔ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠳᠠᠴᠠ ᠭᠠᠵᠠᠷ ᠤᠨ ᠲᠠᠯᠠᠪᠠᠶ ᠶᠢᠨ ᠶᠡᠷᠦᠩᠬᠡᠢ ᠬᠡᠮᠵᠢᠶ᠎ᠡ ᠶᠢ | ᠬᠠᠮᠢᠶᠠᠷᠤᠨ ᠡᠵᠡᠮᠳᠡᠬᠦ ᠲᠦᠢᠷᠢᠮ ᠲᠣᠭᠲᠠᠭᠠᠯ ᠢ ᠬᠡᠷᠡᠭᠵᠢᠭᠦᠯᠦᠨ᠂ ᠠᠶᠢᠮᠠᠭ ᠬᠤᠲᠠ ᠶᠢᠨ ᠴᠢᠬᠤᠯᠠ ᠳᠠᠴᠠ ᠭᠠᠵᠠᠷ | ᠪᠠ ᠵᠢᠵᠢᠭ ᠪᠢᠴᠢᠯ ᠳᠠᠴᠠ ᠭᠠᠵᠠᠷ ᠵᠡᠷᠭᠡ ᠶᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠦᠨ᠎ᠡ︔ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ | ᠲᠣᠥᠷᠵᠢᠭᠤᠯᠤᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠢ | ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ | ᠭᠠᠷᠭᠠᠵᠠᠢ᠃ | ᠣᠨᠴᠠᠯᠢᠭᠲᠤ ᠣᠶ ᠶᠢᠨ ᠵᠢᠮᠢᠰ᠂ ᠮᠣᠳᠣᠯᠢᠭ ᠠᠮᠤ ᠲᠣᠰᠣᠨ ᠤ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠠᠷᠢᠮᠵᠢᠶᠠᠲᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2 ᠠᠴᠠ | ᠳᠡᠭᠡᠭᠰᠢ ᠪᠣᠶ ᠪᠣᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠣᠷᠣᠨ ᠨᠤᠲᠤᠭ ᠤᠨ ᠪᠠᠷᠢᠮᠵᠢᠶ᠎ᠠ ᠶᠢ 1 — 2 | ᠲᠣᠭᠲᠠᠭᠠᠨ᠎ᠠ︔ 2024 ᠣᠨ ᠤ ᠡᠴᠦᠰ ᠪᠣᠯᠬᠤ ᠳᠤ᠂ ᠣᠨᠴᠠᠯᠢᠭᠲᠤ ᠣᠶ ᠶᠢᠨ ᠵᠢᠮᠢᠰ ᠤᠨ ᠲᠠᠯᠠᠪᠠᠶ ᠶᠢ 45 | ᠲᠦᠮᠡᠨ ᠮᠦ ᠬᠦᠷᠦᠭᠦᠯᠵᠦ᠂ ᠮᠣᠳᠣᠯᠢᠭ ᠠᠮᠤ ᠲᠣᠰᠣᠨ ᠤ ᠲᠠᠯᠠᠪᠠᠶ ᠶᠢ 22 ᠲᠦᠮᠡᠨ ᠮᠦ ᠬᠦᠷᠦᠭᠦᠯᠵᠦ᠂ ᠡᠯ᠎ᠡ | ᠲᠥᠷᠥᠯ ᠤᠨ ᠠᠵᠤ ᠠᠬᠤᠢ ᠶᠢᠨ ᠣᠶ ᠰᠢᠭᠤᠢ ᠶᠢᠨ ᠠᠰᠢᠭ ᠰᠢᠮ᠎ᠡ ᠶᠢᠨ ᠭᠠᠷᠤᠯᠲᠠ ᠶᠢ 24 ᠲᠦᠮᠡᠨ ᠲᠣᠨ | ᠬᠦᠷᠦᠭᠦᠯᠵᠦ᠂ ᠣᠶ ᠰᠢᠭᠤᠢ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 55 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ 2024 ᠣᠨ ᠤ ᠤᠢ ᠰᠢᠭᠤᠢ ᠶᠢᠨ ᠳᠠᠷᠤᠭ᠎ᠠ ᠶᠢᠨ | ᠳᠦᠷᠢᠮ ᠤᠨ ᠠᠵᠢᠯ ᠢ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠶᠢ ᠡᠮᠬᠢ ᠵᠢᠷᠤᠮ ᠲᠠᠢ ᠥᠷᠨᠢᠭᠦᠯᠵᠦ᠂ ᠤᠢ | ᠰᠢᠭᠤᠢ ᠨᠤᠲᠤᠭ ᠪᠡᠯᠴᠢᠭᠡᠷ ᠳᠠᠴᠠ ᠭᠠᠵᠠᠷ ᠢ ᠬᠠᠮᠠᠭᠠᠯᠠᠨ ᠬᠥᠭᠵᠢᠭᠦᠯᠬᠦ ᠭᠤᠣᠯᠳᠠᠯᠭ᠎ᠠ ᠲᠠᠢ ᠠᠵᠢᠯ ᠢ ᠤᠢ | ᠰᠢᠭᠤᠢ ᠶᠢᠨ ᠳᠠᠷᠤᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠪᠦᠬᠦ ᠲᠠᠯ᠎ᠠ ᠪᠠᠷ ᠣᠷᠣᠭᠤᠯᠵᠤ᠂ | ᠰᠢᠯᠭᠠᠨ ᠬᠢᠨᠠᠵᠤ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠰᠢᠯᠢᠳᠡᠭᠵᠢᠭᠦᠯᠵᠦ᠂ ᠣᠨ ᠤ ᠠᠵᠢᠯ ᠤᠨ ᠦᠷ᠎ᠡ | ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ | ᠬᠡᠷᠡᠭᠲᠡᠢ︔ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢ ᠰᠠᠶᠢᠲᠤᠷ ᠬᠢᠵᠦ᠂ ᠡᠯ᠎ᠡ ᠲᠥᠷᠥᠯ ᠤᠨ | ᠠᠷᠭ᠎ᠠ ᠵᠠᠮ ᠢᠶᠠᠷ ᠳᠠᠮᠵᠢᠨ ᠡᠯ᠎ᠡ ᠭᠠᠵᠠᠷ ᠤᠨ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ | ᠬᠥᠳᠡᠯᠦᠯ ᠪᠠᠶᠢᠳᠠᠯ ᠪᠠ ᠣᠶ ᠰᠢᠭᠤᠢ ᠨᠤᠲᠤᠭ ᠪᠡᠯᠴᠢᠭᠡᠷ ᠤᠨ ᠬᠦᠷᠢᠶᠡᠨ ᠳᠠᠬᠢ ᠠᠵᠢᠯ ᠤᠨ ᠦᠷ᠎ᠡ ᠪᠦᠲᠦᠮᠵᠢ ᠶᠢᠨ | ᠬᠤᠯᠪᠣᠭᠳᠠᠯ ᠪᠦᠬᠦᠢ ᠰᠣᠨᠢᠨ ᠮᠡᠳᠡᠭᠡᠯᠡᠯ ᠢ ᠴᠠᠭ ᠲᠤᠬᠠᠢ ᠳᠤᠨᠢ ᠨᠡᠶᠢᠲᠡᠯᠡᠵᠦ᠂ ᠡᠯ᠎ᠡ ᠭᠠᠵᠠᠷ ᠣᠷᠣᠨ ᠢ ᠵᠢᠯᠣᠭᠤᠳᠤᠨ | ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠴᠠᠭ ᠲᠤᠬᠠᠢ ᠳᠤᠨᠢ ᠦᠨᠳᠦᠰᠦᠨ ᠱᠠᠲᠤᠨ ᠳᠤ ᠤᠯᠠᠮᠵᠢᠯᠠᠬᠤ ᠬᠡᠷᠡᠭᠲᠡᠢ ᠭᠡᠵᠦ ᠱᠠᠭᠠᠷᠳᠠᠪᠠ᠃ | |