︽ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠶᠢ ᠵᠣᠷᠢᠭᠳᠠᠢ ᠪᠠᠷ ᠡᠭᠦᠷᠭᠡᠯᠡᠶ᠎ᠡ︾ ᠭᠡᠬᠦ 2024 ᠣᠨ ᠤ ᠬᠦᠷᠢᠶ᠎ᠡ ᠬᠤᠰᠢᠭᠤᠨ ᠤ ᠲᠥᠪᠯᠡᠷᠡᠭᠦᠯᠦᠨ ᠡᠪᠯᠡᠯ ᠳᠤ ᠣᠷᠣᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/5/15
   5 ᠰᠠᠷ᠎ᠠ ᠶᠢᠨ 14 ᠤ ᠡᠳᠦᠷ᠂ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠶ᠎ᠡ︾ ᠭᠡᠬᠦ 2024 ᠣᠨ ᠤ ᠬᠦᠷᠢᠶ᠎ᠡ ᠬᠤᠰᠢᠭᠤᠨ ᠤ ᠲᠥᠪᠯᠡᠷᠡᠭᠦᠯᠦᠨ ᠡᠪᠯᠡᠯ ᠳᠤ ᠣᠷᠣᠬᠤ ᠶᠣᠰᠣᠯᠠᠯ ᠬᠤᠰᠢᠭᠤᠨ ᠤ ᠠᠮᠢ ᠠᠬᠤᠢ ᠶᠢᠨ ᠴᠡᠴᠡᠷᠯᠢᠭ ᠲᠤ ᠶᠠᠪᠤᠭᠳᠠᠪᠠ᠃    ᠶᠣᠰᠣᠯᠠᠯ ᠳᠡᠭᠡᠷ᠎ᠡ᠂ ᠰᠢᠨ᠎ᠡ ᠪᠠᠷ ᠡᠯᠰᠡᠭᠰᠡᠨ ᠡᠪᠯᠡᠯ ᠤᠨ ᠭᠡᠰᠢᠭᠦᠨ ᠤ ᠨᠡᠷᠡᠰ ᠢ ᠤᠩᠰᠢᠨ ᠨᠡᠶᠢᠲᠡᠯᠡᠭᠰᠡᠨ ᠪᠥᠭᠡᠳ ᠰᠢᠨ᠎ᠡ ᠪᠠᠷ ᠡᠯᠰᠡᠭᠰᠡᠨ ᠡᠪᠯᠡᠯ ᠤᠨ ᠭᠡᠰᠢᠭᠦᠨ ᠤ ᠲᠥᠯᠥᠭᠡᠯᠡᠭᠴᠢ ᠳᠤ ᠡᠪᠯᠡᠯ ᠤᠨ ᠰᠦᠯᠳᠡ ᠪᠠ ᠡᠪᠯᠡᠯ ᠤᠨ  ᠭᠡᠰᠢᠭᠦᠨ ᠤ  ᠦᠨᠡᠮᠯᠡᠯ ᠣᠯᠭᠤᠪᠠ᠃ ᠰᠢᠨ᠎ᠡ ᠡᠪᠯᠡᠯ ᠤᠨ ᠭᠡᠰᠢᠭᠦᠨ ᠬᠠᠮᠲᠤ ᠪᠠᠷ ᠲᠥᠪ ᠴᠢᠩᠭ᠎ᠠ ᠪᠠᠷ ᠲᠠᠩᠭᠠᠷᠢᠭᠯᠠᠵᠤ᠂ ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ ᠪᠣᠯᠤᠨ ᠰᠢᠯᠢᠳᠡᠭ ᠡᠪᠯᠡᠯ ᠤᠨ ᠭᠡᠰᠢᠭᠦᠨ ᠤ ᠲᠥᠯᠥᠭᠡᠯᠡᠭᠴᠢ ᠦᠭᠡ ᠬᠡᠯᠡᠪᠡ᠃ ᠪᠥᠬᠦ ᠬᠤᠰᠢᠭᠤᠨ ᠤ 15 ᠳᠤᠮᠳᠠᠳᠤ ᠰᠤᠷᠭᠠᠭᠤᠯᠢ ᠶᠢᠨ 177 ᠰᠢᠨ᠎ᠡ ᠡᠯᠰᠡᠭᠰᠡᠨ ᠡᠪᠯᠡᠯ ᠤᠨ ᠭᠡᠰᠢᠭᠦᠨ ᠡᠪᠯᠡᠯ ᠳᠤ ᠣᠷᠣᠬᠤ ᠶᠣᠰᠣᠯᠠᠯ ᠳᠤ ᠣᠷᠣᠯᠴᠠᠪᠠ᠃ ᠲᠣᠰ ᠤᠳᠠᠭᠠᠨ ᠤ ᠲᠥᠪᠯᠡᠷᠡᠭᠦᠯᠦᠨ ᠡᠪᠯᠡᠯ ᠳᠤ ᠣᠷᠣᠬᠤ ᠶᠣᠰᠣᠯᠠᠯ ᠨᠢ ᠰᠢᠨ᠎ᠡ ᠪᠠᠷ ᠡᠯᠰᠡᠭᠰᠡᠨ ᠡᠪᠯᠡᠯ ᠤᠨ ᠭᠡᠰᠢᠭᠦᠳ ᠲᠤ ᠨᠢᠭᠡ ᠤᠳᠠᠭᠠᠨ ᠤ ᠲᠥᠪ ᠴᠢᠩᠭ᠎ᠠ ᠬᠥᠮᠦᠵᠢᠯ ᠬᠦᠷᠲᠡᠭᠡᠭᠰᠡᠨ ᠪᠥᠭᠡᠳ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠮᠡᠷᠡᠶᠢᠨ ᠲᠡᠮᠡᠴᠡᠵᠦ ᠵᠣᠷᠢᠭᠲᠠᠢ ᠳᠠᠪᠠᠭ᠋ᠤ ᠶᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号