5 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 99 ᠳ᠋ᠦ᠋ᠭᠡᠷ | ᠤᠳᠠᠭᠠᠨ ᠤ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠ ᠾᠦᠢ ᠵᠢᠶ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠤᠬᠠᠮᠰᠠᠷ ᠠᠴᠠ ᠪᠠᠨ ᠬᠦᠷᠢᠶ᠎ᠡ ᠬᠤᠰᠢᠭᠤᠨ ᠤ ᠬᠥᠭᠵᠢᠯᠲᠡ ᠶᠢ | ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠶᠡᠭᠡ ᠲᠠᠯ᠎ᠠ ᠪᠠ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠳᠤ ᠲᠠᠯᠪᠢᠵᠤ ᠪᠣᠳᠣᠯᠬᠢᠯᠠᠨ ᠲᠥᠯᠥᠪᠵᠢᠭᠦᠯᠵᠦ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠪᠠᠶᠢᠷᠢᠰᠢᠭᠤᠯᠤᠯᠲᠠ᠂ ᠲᠥᠷᠥᠯ ᠵᠦᠢᠯ ᠢ | ᠬᠡᠷᠡᠭᠵᠢᠭᠦᠯᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠶ᠃ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠬᠤᠳᠠᠯᠳᠤᠭᠠᠴᠢᠨ ᠤᠷᠢᠬᠤ᠂ ᠲᠥᠷᠥᠯ ᠵᠦᠢᠯ ᠪᠠᠶᠢᠭᠤᠯᠬᠤ᠂ ᠪᠠᠯᠠ ᠮᠥᠩᠭᠦ ᠶᠢᠨ ᠣᠷᠣᠭᠤᠯᠤᠯᠲᠠ ᠶᠢ ᠥᠷᠭᠡᠳᠬᠡᠬᠦ᠂ | ᠦᠢᠯᠡᠴᠢᠯᠡᠭᠡ ᠶᠢ ᠰᠢᠯᠢᠳᠡᠭᠵᠢᠭᠦᠯᠬᠦ᠂ ᠥᠷᠢ ᠥᠭᠴᠡᠭᠡ ᠶᠢ ᠠᠷᠢᠯᠭᠠᠬᠤ᠂ ᠬᠡᠷᠡᠭᠯᠡᠭᠡ ᠶᠢ ᠠᠬᠢᠭᠤᠯᠬᠤ᠂ ᠠᠮᠢ | ᠠᠬᠤᠶ ᠶᠢ ᠬᠠᠮᠠᠭᠠᠯᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠮᠤᠷ ᠲᠦᠪᠰᠢᠨ ᠢ ᠪᠠᠲᠤᠯᠠᠬᠤ ᠶᠢ | ᠪᠥᠬᠦ ᠬᠦᠴᠦᠨ ᠢᠶᠠᠷ ᠢᠶᠠᠨ ᠠᠳᠬᠤᠬᠤ ᠬᠡᠷᠡᠭᠲᠡᠶ᠃ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ | ᠬᠥᠭᠵᠢᠯᠲᠡ ᠶᠢ ᠲᠤᠯᠭᠠᠭᠤᠷᠢᠯᠠᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠬᠤ | ᠬᠡᠷᠡᠭᠲᠡᠢ ᠭᠡᠪᠡ᠃ | ᠬᠤᠷᠠᠯ ᠠᠴᠠ ︽ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ 2023 ᠣᠨ ᠤ ᠠᠵᠢᠯ ᠤᠨ ᠳ᠋ᠦᠩᠨᠡᠯᠲᠡ︾᠂ ︽ᠬᠤᠰᠢᠭᠤᠨ ᠤ ᠨᠠᠮ ᠤᠨ ᠬᠤᠷᠢᠶᠠᠨ ᠤ | ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠤᠯᠳᠠᠯᠭ᠎ᠠ︾᠂ ︽ | ᠬᠦᠷᠢᠶ᠎ᠡ ᠬᠤᠰᠢᠭᠤᠨ ᠤ ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ︿ᠮᠢᠩᠭᠠᠨ ᠴᠢᠳᠠᠪᠤᠷᠢᠳᠠᠨ ᠢᠶᠠᠷ ᠰᠠᠭᠤᠷᠢ ᠶᠢ | ᠪᠠᠬᠢᠵᠢᠭᠦᠯᠬᠦ﹀ ᠠᠵᠢᠯᠯᠠᠭ᠎ᠠ ᠶᠢᠨ ᠲᠦᠰᠦᠯ︾᠂ ︽ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾᠂ ︽ᠬᠤᠰᠢᠭᠤᠨ ᠤ ᠨᠠᠮ ᠤᠨ ᠬᠤᠷᠢᠶᠠᠨ ᠤ | ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠤᠨ ᠨᠠᠷᠢᠨ ᠲᠦᠷᠢᠮ︾᠂ | ︽ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ︾ ᠶᠢ ᠰᠤᠳᠤᠯᠤᠨ ᠬᠢᠨᠠᠨ ᠵᠦᠪᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠴᠢᠳᠠᠪᠤᠷᠢᠲᠠᠨ ᠤ ᠬᠦᠭᠵᠢᠯᠲᠡ ᠶᠢᠨ ᠤᠬᠠᠮᠰᠠᠷ ᠢ ᠪᠠᠲᠤ ᠪᠤᠢ ᠪᠣᠯᠭᠠᠵᠤ᠂ | ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ | ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ | ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠲᠣᠩᠯᠢᠶᠤᠤ ᠬᠤᠲᠠ ᠶᠢᠨ ︽ᠴᠢᠳᠠᠪᠤᠷᠢᠲᠠᠨ ᠤ ᠠᠵᠢᠯ ᠤᠨ ᠬᠤᠰᠢᠭᠤᠴᠢ ᠣᠷᠣᠨ︾ ᠢ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠴᠢᠳᠠᠪᠤᠷᠢᠲᠠᠨ ᠤ ᠶᠡᠷᠦᠩᠬᠡᠶ ᠬᠡᠮᠵᠢᠶ᠎ᠡ ᠶᠢ | ᠪᠤᠵᠠᠭᠠᠶᠢᠷᠠᠭᠤᠯᠵᠤ᠂ ᠴᠢᠳᠠᠪᠤᠷᠢᠲᠠᠨ ᠤ ᠶᠠᠰᠤ ᠴᠢᠨᠠᠷ ᠢ ᠰᠢᠯᠢᠳᠡᠭᠵᠢᠭᠦᠯᠬᠦ ᠬᠡᠷᠡᠭᠲᠡᠶ᠃ ᠭᠤᠣᠯᠳᠠᠯᠭ᠎ᠠ ᠲᠠᠢ | ᠡᠭᠦᠷᠭᠡ ᠶᠢ ᠰᠠᠶᠢᠲᠤᠷ ᠠᠳᠬᠤᠵᠤ᠂ ︽ᠪᠦᠯᠬᠦᠮ ᠪᠠᠶᠢᠭᠤᠯᠬᠤ ᠬᠡᠯᠪᠡᠷᠢ︾ ᠪᠠᠷ ᠬᠠᠪᠰᠤᠷᠤᠨ ᠲᠡᠳᠬᠦᠬᠦ ᠶᠢ ᠭᠦᠨᠵᠡᠭᠡᠢ | ᠠᠬᠢᠭᠤᠯᠵᠤ᠂ ︽ᠮᠢᠩᠭᠠᠨ ᠴᠢᠳᠠᠪᠤᠷᠢᠲᠠᠨ ᠢᠶᠠᠷ ᠰᠠᠭᠤᠷᠢ ᠶᠢ ᠪᠠᠬᠢᠵᠢᠭᠦᠯᠬᠦ︾ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠬᠦ ᠬᠡᠷᠡᠭᠲᠡᠢ᠃ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠮᠡᠷᠭᠡᠵᠢᠯ ᠢ ᠳᠡᠯᠭᠡᠷᠡᠭᠦᠯᠬᠦ ᠪᠠ ᠴᠢᠳᠠᠪᠤᠷᠢᠲᠠᠨ ᠢ | ᠬᠥᠮᠦᠵᠢᠭᠦᠯᠬᠦ ᠲᠠᠪᠴᠠᠩ ᠢ ᠬᠦᠴᠦᠯᠡᠨ ᠪᠠᠶᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠤᠨ᠂ ᠤᠳᠤᠷᠢᠳᠬᠤ ᠺᠠᠳ᠋ᠷ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠲᠠᠢ ᠬᠠᠷᠢᠯᠴᠠᠵᠤ ᠦᠢᠯᠡᠴᠢᠯᠡᠬᠦ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ | ᠴᠢᠳᠠᠪᠤᠷᠢᠲᠠᠨ ᠢ ᠴᠢᠬᠤᠯᠠᠴᠢᠯᠠᠬᠤ᠂ ᠴᠢᠳᠠᠪᠤᠷᠢᠲᠠᠨ ᠤ ᠠᠵᠢᠯ ᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ | ᠪᠠ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠡᠢ᠃ | ᠬᠤᠷᠠᠯ ᠳᠡᠭᠡᠷ᠎ᠡ ︽ᠪᠥᠬᠦ ᠬᠤᠰᠢᠭᠤᠨ ᠤ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ 2023 ᠣᠨ ᠤ | ᠬᠢᠨᠠᠨ ᠰᠢᠯᠭᠠᠯᠲᠠ ᠶᠢᠨ ᠦᠷ᠎ᠡ ᠳ᠋ᠦᠩ ᠤᠨ ᠠᠩᠬᠠᠨ ᠤ ᠦᠨᠡᠯᠡᠯᠲᠡ ᠶᠢᠨ ᠰᠠᠨᠠᠯ︾ ᠢ ᠬᠢᠨᠠᠨ ᠵᠥᠪᠯᠡᠵᠦ ᠪᠠᠲᠤᠯᠠᠨ᠂ | ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠰᠤᠳᠤᠯᠤᠨ ᠪᠠᠶᠢᠷᠢᠯᠠᠭᠤᠯᠪᠠ᠃ | | | |