5 ᠰᠠᠷ᠎ᠠ ᠶᠢᠨ 14 ᠤ ᠡᠳᠦᠷ᠂ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠵᠠᠯᠠᠭᠤ | ᠨᠠᠰᠤᠨ ᠤ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠶ᠎ᠡ︾ ᠭᠡᠬᠦ 2024 ᠣᠨ ᠤ ᠬᠦᠷᠢᠶ᠎ᠡ | ᠬᠤᠰᠢᠭᠤᠨ ᠤ ᠲᠥᠪᠯᠡᠷᠡᠭᠦᠯᠦᠨ ᠡᠪᠯᠡᠯ ᠳᠤ ᠣᠷᠣᠬᠤ ᠶᠣᠰᠣᠯᠠᠯ ᠬᠤᠰᠢᠭᠤᠨ ᠤ ᠠᠮᠢ ᠠᠬᠤᠢ ᠶᠢᠨ ᠴᠡᠴᠡᠷᠯᠢᠭ ᠲᠤ | ᠶᠠᠪᠤᠭᠳᠠᠪᠠ᠃ | ᠶᠣᠰᠣᠯᠠᠯ ᠳᠡᠭᠡᠷ᠎ᠡ᠂ ᠰᠢᠨ᠎ᠡ ᠪᠠᠷ ᠡᠯᠰᠡᠭᠰᠡᠨ ᠡᠪᠯᠡᠯ ᠤᠨ ᠭᠡᠰᠢᠭᠦᠨ ᠤ ᠨᠡᠷᠡᠰ ᠢ ᠤᠩᠰᠢᠨ ᠨᠡᠶᠢᠲᠡᠯᠡᠭᠰᠡᠨ ᠪᠥᠭᠡᠳ | ᠰᠢᠨ᠎ᠡ ᠪᠠᠷ ᠡᠯᠰᠡᠭᠰᠡᠨ ᠡᠪᠯᠡᠯ ᠤᠨ ᠭᠡᠰᠢᠭᠦᠨ ᠤ ᠲᠥᠯᠥᠭᠡᠯᠡᠭᠴᠢ ᠳᠤ ᠡᠪᠯᠡᠯ ᠤᠨ ᠰᠦᠯᠳᠡ ᠪᠠ ᠡᠪᠯᠡᠯ ᠤᠨ | ᠭᠡᠰᠢᠭᠦᠨ ᠤ ᠦᠨᠡᠮᠯᠡᠯ ᠣᠯᠭᠤᠪᠠ᠃ ᠰᠢᠨ᠎ᠡ ᠡᠪᠯᠡᠯ ᠤᠨ ᠭᠡᠰᠢᠭᠦᠨ ᠬᠠᠮᠲᠤ ᠪᠠᠷ ᠲᠥᠪ ᠴᠢᠩᠭ᠎ᠠ ᠪᠠᠷ | ᠲᠠᠩᠭᠠᠷᠢᠭᠯᠠᠵᠤ᠂ ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ ᠪᠣᠯᠤᠨ ᠰᠢᠯᠢᠳᠡᠭ ᠡᠪᠯᠡᠯ ᠤᠨ ᠭᠡᠰᠢᠭᠦᠨ ᠤ | ᠲᠥᠯᠥᠭᠡᠯᠡᠭᠴᠢ ᠦᠭᠡ ᠬᠡᠯᠡᠪᠡ᠃ ᠪᠥᠬᠦ ᠬᠤᠰᠢᠭᠤᠨ ᠤ 15 ᠳᠤᠮᠳᠠᠳᠤ ᠰᠤᠷᠭᠠᠭᠤᠯᠢ ᠶᠢᠨ 177 ᠰᠢᠨ᠎ᠡ | ᠡᠯᠰᠡᠭᠰᠡᠨ ᠡᠪᠯᠡᠯ ᠤᠨ ᠭᠡᠰᠢᠭᠦᠨ ᠡᠪᠯᠡᠯ ᠳᠤ ᠣᠷᠣᠬᠤ ᠶᠣᠰᠣᠯᠠᠯ ᠳᠤ ᠣᠷᠣᠯᠴᠠᠪᠠ᠃ ᠲᠣᠰ ᠤᠳᠠᠭᠠᠨ ᠤ | ᠲᠥᠪᠯᠡᠷᠡᠭᠦᠯᠦᠨ ᠡᠪᠯᠡᠯ ᠳᠤ ᠣᠷᠣᠬᠤ ᠶᠣᠰᠣᠯᠠᠯ ᠨᠢ ᠰᠢᠨ᠎ᠡ ᠪᠠᠷ ᠡᠯᠰᠡᠭᠰᠡᠨ ᠡᠪᠯᠡᠯ ᠤᠨ ᠭᠡᠰᠢᠭᠦᠳ ᠲᠤ ᠨᠢᠭᠡ | ᠤᠳᠠᠭᠠᠨ ᠤ ᠲᠥᠪ ᠴᠢᠩᠭ᠎ᠠ ᠬᠥᠮᠦᠵᠢᠯ ᠬᠦᠷᠲᠡᠭᠡᠭᠰᠡᠨ ᠪᠥᠭᠡᠳ ᠥᠷᠭᠡᠨ ᠣᠯᠠᠨ ᠡᠪᠯᠡᠯ ᠤᠨ ᠭᠡᠰᠢᠭᠦᠨ | ᠵᠠᠯᠠᠭᠤᠴᠤᠳ ᠤᠨ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠮᠡᠷᠡᠶᠢᠨ ᠲᠡᠮᠡᠴᠡᠵᠦ ᠵᠣᠷᠢᠭᠲᠠᠢ | ᠳᠠᠪᠠᠭ᠋ᠤ ᠶᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃ | | | |