| | | | ᠨᠡᠯᠦᠭᠡᠷ ᠶᠡᠭᠡ ᠡᠯᠡᠰᠦ ᠮᠠᠩᠬ᠎ᠠ᠂ ᠮᠢᠩᠭᠠᠨ ᠭᠤᠤ ᠲᠦᠮᠡᠨ ᠭᠠᠩᠭ᠎ᠠ ᠁ ᠡᠭᠦᠨ ᠤ ᠳᠣᠲᠣᠷᠠᠬᠢ ᠠᠯᠢ | ᠨᠢᠭᠡ ᠲᠠᠢ ᠨᠢ ᠬᠤᠪᠢᠳᠠᠭᠰᠠᠨ ᠴᠦ ᠪᠦᠷ ᠰᠠᠶᠢᠨ ᠰᠠᠶᠢᠬᠠᠨ ᠠᠮᠢ ᠠᠬᠤᠢ ᠲᠠᠢ ᠬᠤᠪᠢ ᠢᠷᠦᠭᠡᠯ ᠦᠭᠡᠢ ᠪᠠᠶᠢᠬ᠎ᠠ᠃ | ᠭᠡᠶ᠎ᠡ᠂ ᠮᠠᠨ ᠤ ᠬᠤᠲᠠ ᠶᠢᠨ ᠡᠮᠦᠨ᠎ᠡ ᠪᠡᠶ᠎ᠡ ᠳᠤ ᠪᠠᠶᠢᠷᠢᠯᠠᠭ᠎ᠠ ᠬᠦᠷᠢᠶ᠎ᠡ ᠬᠤᠰᠢᠭᠤ ᠡᠨᠡ ᠬᠦ ᠠᠮᠢ ᠠᠬᠤᠢ ᠶᠢᠨ | ᠣᠷᠴᠢᠨ ᠳᠤ ᠣᠷᠣᠰᠢᠵᠤ 4709 ᠲᠡᠭᠰᠢ ᠳᠥᠷᠪᠡᠯᠵᠢᠨ ᠺᠢᠯᠣᠮᠧᠳ᠋ᠷ ᠨᠤᠲᠤᠭ ᠳᠡᠪᠢᠰᠬᠡᠷ ᠤᠨ ᠡᠯᠡᠰᠦᠷᠬᠡᠭᠵᠢᠭᠰᠡᠨ | ᠲᠠᠯᠠᠪᠠᠢ ᠨᠢ 45% ᠶᠢ ᠳᠠᠪᠠᠵᠤ᠂ ᠶᠡᠭᠡ ᠪᠠᠭ᠎ᠠ ᠲᠡᠭᠰᠢ ᠪᠤᠰᠤ ᠲᠦᠮᠡ ᠮᠢᠩᠭᠠᠨ ᠭᠤᠤ ᠭᠠᠩᠭ᠎ᠠ ᠨᠢ ᠨᠠᠪᠴᠢᠨ ᠤ | ᠰᠤᠳᠠᠰᠤ ᠮᠡᠲᠦ ᠰᠦᠯᠵᠢᠯᠳᠦᠵᠦ᠂ ᠬᠦᠷᠢᠶ᠎ᠡ ᠬᠤᠰᠢᠭᠤ ᠶᠢ ︽ᠬᠦᠷᠢᠶ᠎ᠡ ᠶᠢᠨ ᠭᠤᠤ︾ ᠪᠤᠯᠭᠠᠬᠰᠠᠨ ᠪᠠᠶᠢᠨ᠎ᠠ᠃ | ︽ᠲᠠ ᠨᠠᠷ ᠤᠨ ᠢᠷᠡᠭᠰᠡᠨ ᠴᠠᠭ ᠴᠢᠨᠢ ᠳᠠᠭᠠᠷᠠᠬᠰᠠᠨ ᠦᠭᠡᠢ᠂ ᠵᠤᠨ ᠢᠷᠡᠭᠰᠡᠨ ᠪᠣᠯ ᠨᠣᠮᠢᠨ ᠨᠣᠭᠤᠭᠠᠨ | ᠥᠩᠭᠡ ᠪᠠᠷ ᠴᠢᠮᠡᠭᠯᠡᠭᠳᠡᠵᠦ ᠲᠤᠩ ᠰᠠᠶᠢᠬᠠᠨ ᠰᠢᠤ︾ ᠭᠡᠵᠦ ᠬᠠᠪᠤᠷ ᠤᠨ ᠡᠳᠦᠷ ︽ᠨᠠᠪᠴᠢᠨ ᠤ ᠰᠤᠳᠠᠰᠤ︾ ᠶᠢᠨ | ᠴᠢᠭᠯᠡᠯ ᠢᠶᠠᠷ ᠬᠦᠷᠢᠶ᠎ᠡ ᠬᠤᠰᠢᠭᠤᠨ ᠤ ᠱᠦᠢ ᠴᠢᠤᠸᠠᠨ ᠰᠢᠶᠠᠩ ᠤᠨ ᠱᠦᠢ ᠴᠢᠤᠸᠠᠨ ᠲᠣᠰᠬᠤᠨ ᠳᠤ ᠬᠦᠷᠬᠦᠶ᠎ᠡ᠂ | ᠲᠣᠰᠬᠤᠨ ᠤ ᠨᠠᠮ ᠤᠨ ᠡᠭᠦᠷ ᠤᠨ ᠱᠦᠵᠢ ᠸᠠᠩ ᠸᠧᠢ ᠭᠤᠸᠠᠩ ᠬᠠᠯᠠᠭᠤᠨ ᠢᠶᠠᠷ ᠤᠭᠲᠤᠬᠤ ᠶᠢᠨ ᠳᠠᠭᠠᠤ | ᠲᠣᠰᠬᠤᠨ ᠤ ︽ᠰᠢᠯᠢᠳᠡᠭ ᠪᠦᠲᠦᠭᠡᠯ︾ — ᠴᠧᠩ ᠽᠢ ᠭᠧᠦ ᠶᠢᠨ ᠤᠢ ᠶᠢᠨ ᠬᠤᠷᠮᠣᠢ ᠶᠢᠨ ᠠᠵᠤ ᠠᠬᠤᠢ ᠶᠢᠨ | ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢᠶᠠᠨ ᠲᠠᠨᠢᠯᠴᠠᠭᠤᠯᠤᠨ᠎ᠠ᠃ | ︽ᠨᠢᠳᠤᠨᠤᠨ ᠪᠢᠳᠡ ᠵᠥᠪᠭᠡᠨ ᠡᠨᠡ ᠬᠡᠰᠡᠭ ᠭᠠᠵᠠᠷ ᠠᠴᠠ 5 ᠲᠦᠮᠡᠨ ᠲᠥᠭᠦᠷᠢᠭ ᠤᠨ ᠴᠡᠪᠡᠷ ᠣᠷᠣᠯᠭ᠎ᠠ | ᠣᠯᠵᠠᠢ᠂ ᠡᠨᠡ ᠵᠢᠯ ᠤᠨ ᠵᠢᠮᠢᠰ ᠤᠨ ᠮᠣᠳᠣᠨ ᠤ ᠣᠷᠣᠯᠭ᠎ᠠ ᠯᠠᠪᠲᠠᠢ ᠨᠠᠩ ᠠᠷᠪᠢᠨ ᠪᠣᠯᠣᠨ᠎ᠠ︕︾ ᠬᠡᠳᠦ᠋ᠢᠪᠡᠷ | ᠵᠤᠯᠵᠠᠭ᠎ᠠ ᠮᠣᠳᠣ ᠨᠢ ᠨᠣᠭᠤᠭᠠᠷᠠᠭᠠᠳᠤᠢ᠂ ᠣᠶ ᠶᠢᠨ ᠬᠤᠷᠮᠣᠢ ᠶᠢᠨ ᠲᠠᠷᠢᠮᠠᠯ ᠢ ᠳᠠᠷᠢᠭᠠᠳᠤᠶ᠂ ᠵᠢᠱᠢᠶ᠎ᠡ ᠦᠵᠡᠭᠦᠯᠭᠦ | ᠲᠣᠭᠤᠷᠢᠭ ᠢ ᠦᠵᠡᠬᠦ ᠳᠤ ︽ᠬᠠᠯᠴᠠᠭᠠᠢ︾ ᠪᠤᠯᠪᠠᠴᠤ ᠸᠠᠩ ᠸᠧᠢ ᠭᠤᠸᠠᠩ ᠤᠨ ᠢᠲᠡᠭᠡᠯ ᠲᠠᠢ ᠪᠠᠶᠢᠬᠤ ᠶᠢ | ᠬᠠᠷᠠᠭᠠᠳ᠂ ᠲᠡᠭᠦᠨ ᠤ ᠬᠡᠯᠡᠭᠰᠡᠨ ᠨᠢ ᠬᠤᠳᠠᠯ ᠪᠢᠰᠢ ᠭᠡᠳᠡᠭ ᠢ ᠠᠮᠠᠷᠬᠠᠨ ᠭᠠᠳᠠᠷᠯᠠᠨ ᠮᠡᠳᠡᠵᠦ ᠪᠣᠯᠣᠨ᠎ᠠ᠃ | ︽ᠲᠠ ᠡᠨᠡ ᠭᠤᠤ ᠳᠤ ᠶᠠᠭᠤ ᠴᠤ ᠣᠯᠵᠤ ᠬᠠᠷᠠᠬᠤ ᠦᠭᠡᠢ᠂ ᠬᠡᠷᠪᠡ ᠠᠭᠤᠯᠠᠨ ᠳᠤ ᠭᠠᠷᠤᠭᠠᠳ ᠳᠠᠭᠢᠨ | ᠬᠠᠷᠠᠪᠠᠯ ᠬᠤᠪᠢᠷᠠᠯᠲᠠ ᠶᠢ ᠨᠢ ᠦᠵᠡᠵᠦ ᠭᠠᠷᠤᠨ᠎ᠠ᠂ ᠤᠷᠵᠢᠨᠤᠨ ᠪᠢ ᠠᠭᠤᠯᠠᠨ ᠳᠡᠭᠡᠷ᠎ᠡ ᠠᠴᠠ ᠡᠨᠡ ᠵᠦᠭ ᠬᠠᠷᠠᠭᠠᠳ | ᠶᠡᠬᠡᠯ᠎ᠡ ᠰᠣᠴᠢᠵᠤ ᠠᠪᠤᠯ᠎ᠠ︕ ᠬᠤᠪᠢᠷᠠᠯᠲᠠ ᠲᠤᠩ ᠶᠡᠭᠡ︕︾ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ | ᠭᠠᠵᠠᠷ ᠲᠡᠭᠰᠢᠯᠡᠵᠦ ᠪᠠᠶᠢᠭᠰᠠᠨ ᠲᠣᠰᠬᠤᠨ ᠤ ᠠᠷᠠᠳ ᠢᠦᠢ ᠭᠦᠸᠧ ᠬᠤᠸᠠ ᠬᠠᠮᠤᠭ ᠤᠨ ᠰᠠᠶᠢᠨ ︽ᠦᠵᠡᠮᠵᠢ | ᠰᠣᠨᠢᠷᠬᠠᠬᠤ︾ ᠴᠡᠭ ᠢ ᠲᠠᠨᠢᠯᠴᠠᠭᠤᠯᠤᠨ᠎ᠠ᠃ | 5 ᠵᠢᠯ ᠤᠨ ᠡᠮᠦᠨᠡᠬᠢ ᠴᠧᠩ ᠽᠢ ᠭᠧᠦ ᠨᠢ ᠲᠣᠰᠬᠤᠨ ᠤ ᠱᠦᠵᠢ ᠶᠢ ᠣᠮᠣᠭᠰᠢᠭᠤᠯᠵᠤ᠂ ᠲᠣᠰᠬᠤᠨ ᠤ | ᠠᠷᠠᠳ ᠤᠨ ᠮᠠᠭᠲᠠᠭᠠᠯ ᠢ ᠣᠯᠳᠠᠭ ᠭᠠᠵᠠᠷ ᠪᠠᠶᠢᠭᠰᠠᠨ ᠦᠭᠡᠢ ᠨᠢ ᠯᠠᠪᠲᠠᠢ ᠶᠤᠮ᠃ ᠨᠢᠭᠡ ᠲᠠᠯ᠎ᠠ ᠪᠠᠷ ᠬᠥᠷᠥᠰᠥ | ᠰᠢᠷᠣᠢ ᠶᠢᠨ ᠢᠳᠡᠭᠳᠡᠯ ᠨᠢ ᠭᠠᠴᠠᠭᠠᠨ ᠤ ᠠᠲᠠᠷ ᠭᠤᠤ ᠶᠢ ᠤᠯᠠᠮ ᠢᠶᠠᠷ ᠶᠡᠬᠡᠳᠬᠡᠵᠦ᠂ ᠨᠦᠭᠦᠭᠡ ᠲᠠᠯ᠎ᠠ ᠪᠠᠷ | ᠨᠡᠶᠢᠳᠡ ᠶᠢᠨ ᠠᠵᠤ ᠠᠬᠤᠢ ᠶᠢ ᠬᠥᠭᠵᠢᠭᠦᠯᠬᠦ ᠳᠤ ᠬᠡᠷᠡᠭᠯᠡᠬᠦ ᠭᠠᠵᠠᠷ ᠦᠭᠡᠢ ᠪᠣᠯᠭᠠᠵᠠᠢ᠃ | 2019 ᠣᠨ ᠳᠤ᠂ ᠸᠠᠩ ᠸᠧᠢ ᠭᠤᠸᠠᠩ ᠪᠦᠭᠦ ᠲᠣᠰᠬᠤᠨ ᠤ ᠡᠯ᠎ᠡ ᠭᠠᠵᠠᠷ ᠢᠶᠠᠨ ᠲᠣᠭᠤᠷᠢᠨ ᠦᠵᠡᠵᠦ᠂ | ᠢᠦᠢ ᠭᠦᠸᠧ ᠬᠤᠸᠠ ᠶᠢᠨ ᠲᠠᠨᠢᠯᠴᠠᠭᠤᠯᠤᠭᠰᠠᠨ ︽ᠦᠵᠡᠮᠵᠢ ᠰᠣᠨᠢᠷᠬᠠᠬᠤ︾ ᠴᠡᠭ ᠤᠨ ᠪᠠᠶᠢᠷᠢ ᠳᠤ᠂ ᠤᠳᠠᠲᠠᠯ᠎ᠠ | ᠠᠲᠠᠷᠰᠢᠭᠰᠠᠨ ᠴᠧᠩ ᠽᠢ ᠭᠧᠦ ᠨᠢ ᠲᠡᠭᠦᠨ ᠳᠤ ᠡᠵᠡᠭᠦᠢ ᠭᠤᠤ ᠠᠴᠠ ᠭᠠᠵᠠᠷ ᠠᠪᠬᠤ ᠬᠤᠷᠴᠠ ᠰᠡᠷᠡᠯ | ᠣᠷᠣᠭᠤᠯᠪᠠ᠃ 2019 ᠣᠨ ᠳᠤ᠂ ᠱᠦᠢ ᠴᠢᠤᠸᠠᠨ ᠲᠣᠰᠬᠤᠨ ᠤ ᠨᠠᠮ ᠤᠨ ᠡᠭᠦᠷ ᠠᠴᠠ ᠴᠧᠩ ᠽᠢ ᠭᠧᠦ ᠶᠢ | ᠵᠠᠰᠠᠬᠤ ᠢᠨᠵᠧᠨᠧᠷᠢᠩ ᠢ ᠪᠦᠭᠦ ᠬᠦᠴᠦᠨ ᠢᠶᠠᠷ ᠠᠬᠢᠭᠤᠯᠬᠤ ᠪᠠᠷ ᠲᠣᠭᠲᠠᠵᠤ᠂ 2021 ᠣᠨ ᠪᠤᠯᠬᠤ ᠳᠤ᠂ | ᠭᠠᠵᠠᠷ ᠤᠨ ᠪᠠᠶᠢᠴᠠ ᠶᠢ ᠦᠨᠳᠦᠰᠦᠯᠡᠨ ᠶᠡᠭᠡ ᠪᠠᠭ᠎ᠠ ᠨᠢ ᠠᠳᠠᠯᠢ ᠪᠤᠰᠤ 300 ᠭᠠᠷᠤᠢ ᠮᠦ ᠲᠠᠷᠢᠶᠠᠨ ᠭᠠᠵᠠᠷ ᠢ | ᠲᠡᠭᠰᠢᠯᠡᠨ ᠭᠠᠷᠭᠠᠵᠤ᠂ ᠱᠠᠲᠤᠨ ᠲᠠᠷᠢᠶ᠎ᠠ᠂ ᠵᠢᠮᠢᠰ ᠤᠨ ᠬᠦᠷᠢᠶᠡᠯᠡᠩ ᠭᠠᠷᠭᠠᠪᠠ᠃ | ︽ᠮᠠᠨ ᠤ ᠡᠨᠡ ᠬᠦ ᠵᠢᠱᠢᠶ᠎ᠡ ᠦᠵᠡᠭᠦᠯᠭᠦ ᠲᠣᠭᠤᠷᠢᠭ ᠲᠤ 100 ᠭᠠᠷᠤᠢ ᠮᠦ ᠰᠢᠭᠤᠶᠢᠲᠤ ᠭᠠᠵᠠᠷ ᠲᠠᠢ᠂ | ᠨᠢᠳᠤᠨᠤᠨ ᠪᠢᠳᠡ ᠠᠵᠤ ᠠᠬᠤᠶᠢᠯᠠᠯ ᠲᠠᠢ ᠬᠠᠮᠲᠤᠷᠠᠯᠴᠠᠵᠤ᠂ ᠭᠠᠵᠠᠷ ᠰᠢᠷᠣᠢ ᠶᠢ ᠲᠡᠳᠡᠨ ᠳᠤ ᠳᠠᠭᠠᠭᠠᠴᠢᠯᠠᠭᠤᠯᠤᠨ | ᠥᠭᠴᠦ ᠤᠢ ᠶᠢᠨ ᠬᠤᠷᠮᠣᠢ ᠳᠤ ᠤᠯᠠᠭᠠᠨ ᠯᠠᠵᠤᠤ ᠳᠠᠷᠢᠭᠤᠯᠪᠠ᠂ ᠲᠤᠰᠬᠠᠢ ᠮᠡᠷᠭᠡᠵᠢᠯᠲᠡᠨ ᠢᠷᠡᠵᠤ ᠦᠵᠡᠭᠡᠳ ᠡᠨᠡ | ᠵᠢᠯ ᠵᠢᠮᠢᠰ ᠰᠠᠭᠤᠴᠢᠬᠠᠨ᠎ᠠ ᠭᠡᠵᠦ ᠪᠠᠶᠢᠨ᠎ᠠ᠂ ᠡᠨᠡ ᠵᠢᠯ ᠪᠢᠳᠡ ᠭᠠᠵᠠᠷ ᠲᠠᠷᠢᠶ᠎ᠠ ᠪᠠᠨ ᠳᠠᠭᠠᠭᠠᠴᠢᠯᠠᠭᠤᠯᠬᠤ ᠪᠠᠨ | ᠪᠣᠯᠢᠵᠠᠢ᠂ ᠪᠢᠳᠡ ᠭᠠᠵᠠᠷ ᠲᠠᠷᠢᠶ᠎ᠠ ᠪᠠᠷ ᠬᠤᠪᠢ ᠣᠷᠣᠭᠤᠯᠵᠤ᠂ ᠵᠢᠯ ᠤᠨ ᠡᠴᠦᠰ ᠲᠤ ᠠᠵᠤ ᠠᠬᠤᠶᠢᠯᠠᠯ ᠤᠨ ᠠᠰᠢᠭ | ᠣᠷᠣᠯᠭ᠎ᠠ ᠪᠠᠷ ᠠᠰᠢᠭ ᠣᠯᠵᠠᠪᠤᠷᠢ ᠬᠤᠪᠢᠶᠠᠵᠤ ᠪᠣᠯᠣᠨ᠎ᠠ᠂ ᠨᠢᠳᠤᠨᠤᠨ ᠮᠠᠨ ᠤ ᠲᠣᠰᠬᠤᠨ ᠤ ᠨᠡᠶᠢᠳᠡ ᠶᠢᠨ | ᠣᠷᠣᠯᠭ᠎ᠠ 17 ᠲᠦᠮᠡᠨ ᠲᠥᠭᠦᠷᠢᠭ ᠲᠤ ᠬᠦᠷᠴᠡᠢ᠂ ᠡᠨᠡ ᠵᠢᠯ ᠯᠠᠪᠲᠠᠢ ᠨᠡᠩ ᠤᠯᠠᠨ ᠪᠣᠯᠣᠨ᠎ᠠ︾ ᠭᠡᠵᠦ ᠸᠠᠩ ᠸᠧᠢ | ᠭᠤᠸᠠᠩ ᠨᠢᠭᠡᠳ ᠨᠢᠭᠡ ᠪᠠᠷ ᠲᠠᠨᠢᠯᠴᠠᠭᠤᠯᠤᠨ ᠶᠠᠷᠢᠨ᠎ᠠ᠃ | 2023 ᠣᠨ ᠳᠤ᠂ ᠱᠦᠢ ᠴᠢᠤᠸᠠᠨ ᠲᠣᠰᠬᠤᠨ ᠤ ᠨᠠᠮ ᠤᠨ ᠡᠭᠦᠷ ︽ᠲᠣᠰᠬᠤᠨ ᠠᠵᠤ ᠠᠬᠤᠶᠢᠯᠠᠯ | ᠬᠠᠮᠲᠤᠷᠠᠯᠴᠠᠬᠤ︾ ᠬᠥᠭᠵᠢᠯᠲᠡ ᠶᠢᠨ ᠵᠠᠭᠪᠤᠷ ᠢ ᠣᠷᠣᠭᠤᠯᠤᠨ ᠠᠪᠴᠢᠷᠠᠭᠰᠠᠨ ᠠᠴᠠ ᠨᠠᠭᠠᠰᠢ᠂ ᠠᠵᠤ | ᠠᠬᠤᠶᠢᠯᠠᠯ ᠤᠨ ᠡᠵᠡᠩᠨᠡᠯᠲᠡ᠂ ᠲᠣᠰᠬᠤᠨ ᠤ ᠳᠡᠰ ᠤᠨ ᠬᠤᠪᠢ ᠣᠷᠣᠭᠤᠯᠤᠯᠲᠠ᠂ ᠲᠣᠰᠬᠤᠨ ᠤ ᠠᠷᠠᠳ ᠤᠨ | ᠦᠢᠯᠡᠳᠪᠦᠷᠢᠯᠡᠯ ᠤᠨ ᠠᠰᠢᠭ ᠲᠤᠰᠠ ᠶᠢᠨ ᠬᠤᠯᠪᠣᠭᠠᠲᠤ ᠲᠣᠭᠲᠠᠴᠠ ᠨᠢ ᠲᠣᠰᠬᠤᠨ ᠤ ᠨᠠᠶᠢᠳᠡ ᠶᠢᠨ ᠣᠷᠣᠯᠭ᠎ᠠ ᠶᠢ | ᠪᠠᠭ᠎ᠠ ᠪᠤᠰᠤ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ 30 ᠭᠠᠷᠤᠢ ᠶᠠᠳᠠᠭᠤ ᠠᠴᠠ ᠠᠩᠭᠢᠵᠢᠷᠠᠭᠰᠠᠨ | ᠡᠷᠦᠭᠡ ᠶᠢ ᠳᠠᠶᠢᠴᠢᠯᠠᠨ ᠠᠵᠢᠯ ᠭᠢᠯᠭᠡᠵᠦ᠂ ᠬᠥᠮᠥᠨ ᠳᠤᠮᠳᠠᠴᠢ ᠶᠢᠨ ᠣᠷᠣᠯᠭ᠎ᠠ ᠶᠢᠨ ᠨᠡᠮᠡᠭᠳᠡᠯ 4000 ᠲᠥᠭᠦᠷᠢᠭ ᠢ | ᠳᠠᠪᠠᠭᠰᠠᠨ ᠪᠠᠶᠢᠨ᠎ᠠ᠃ | ᠱᠦᠢ ᠴᠢᠤᠸᠠᠨ ᠲᠣᠰᠬᠤᠨ ᠤ ᠥᠷᠭᠡᠷᠢᠭ ᠲᠠᠢ ᠣᠶᠢᠷᠠᠯᠴᠠᠭ᠎ᠠ ᠬᠦᠷᠢᠶ᠎ᠡ ᠬᠤᠰᠢᠭᠤᠨ ᠤ ᠰᠢᠶᠠᠨᠵᠢᠨ ᠰᠤᠮᠤᠨ ᠤ | ᠬᠦᠷᠢᠶᠡᠲᠦ ᠲᠣᠰᠬᠤᠨ ᠪᠠᠰᠠ ᠭᠤᠤ ᠭᠠᠩᠭ᠎ᠠ ᠶᠢᠨ ᠵᠣᠪᠠᠯᠠᠩ ᠢ ᠬᠠᠰᠢᠷᠠᠲᠠᠯ᠎ᠠ ᠠᠮᠰᠠᠵᠤ ᠥᠩᠭᠡᠷᠡᠵᠡᠢ᠃ ︽ | ᠣᠳᠣ ᠶᠢᠨ ᠡᠨᠡ ᠵᠠᠮ ᠬᠡᠳᠦ᠋ᠢᠪᠡᠷ ᠪᠠᠭ᠎ᠠ ᠳᠡᠩᠰᠡᠯᠵᠦ ᠪᠠᠶᠢᠪᠠᠴᠤ ᠥᠩᠭᠡᠷᠡᠭᠰᠡᠨ ᠤ ᠬᠢ ᠠᠴᠠ ᠬᠤᠯᠠ ᠰᠠᠶᠢᠨ | ᠪᠣᠯᠵᠠᠢ︕︾ ᠭᠡᠵᠦ ᠬᠦᠷᠢᠶᠡᠲᠦ ᠲᠣᠰᠬᠤᠨ ᠤ ᠨᠠᠮ ᠤᠨ ᠡᠭᠦᠷ ᠤᠨ ᠱᠦᠵᠢ ᠰᠢᠦᠢ ᠶᠠ ᠯᠢ ᠴᠠᠭᠢᠯᠭᠠᠨ | ᠭᠦᠳᠡᠯᠭᠡᠭᠦᠷᠲᠦ ᠲᠡᠷᠭᠡ ᠤᠨᠤᠵᠤ᠂ ᠡᠩᠬᠦᠯ ᠳᠤᠩᠬᠤᠯ ᠵᠠᠮ ᠢᠶᠠᠷ ᠶᠠᠪᠤᠬᠤ ᠳᠠᠭᠠᠨ᠄ ︽ᠥᠩᠭᠡᠷᠡᠭᠰᠡᠨ ᠳᠤ ᠪᠣᠷᠣᠭᠠᠨ | ᠣᠷᠣᠮᠠᠭᠴᠠ ᠲᠤᠰᠬᠤᠨ ᠤ ᠠᠷᠠᠳ ᠤᠨ ᠴᠠᠭᠢᠯᠭᠠᠨ ᠭᠦᠳᠡᠯᠭᠡᠭᠦᠷᠲᠦ ᠲᠡᠷᠭᠡ ᠣᠷᠣᠵᠤ ᠢᠷᠡᠵᠦ ᠲᠠᠶᠢᠯᠭᠦ ᠦᠭᠡᠢ | ᠪᠣᠯᠵᠤ᠂ ᠪᠣᠷᠣᠭᠠᠨ ᠤ ᠤᠰᠤ ᠴᠤ ᠭᠤᠣ ᠵᠢᠯᠠᠭ᠎ᠠ ᠶᠢ ᠳᠠᠭᠠᠵᠤ ᠤᠷᠤᠰᠤᠭᠠᠳ ᠶᠠᠪᠤᠴᠢᠬᠠᠳᠠᠭ᠂ ᠲᠡᠭᠷᠢ ᠶᠢᠨ | ᠴᠢᠷᠠᠢ ᠶᠢ ᠬᠠᠷᠠᠵᠤ ᠪᠤᠳᠠᠭ᠎ᠠ ᠢᠳᠡᠬᠦ ᠭᠡᠳᠡᠭ ᠨᠢ ᠲᠤᠩ ᠬᠦᠴᠢᠷ ᠠ᠋︾ ᠭᠡᠨ᠎ᠡ᠃ | 2023 ᠣᠨ ᠳᠤ᠂ ᠲᠤᠰ ᠲᠣᠰᠬᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠵᠦ᠂ ᠭᠠᠵᠠᠷ ᠤᠨ ᠪᠠᠶᠢᠴᠠ ᠶᠢ ᠲᠠᠭᠠᠨ ᠪᠣᠰᠬᠠᠭᠰᠠᠨ ᠲᠠᠷᠢᠶᠠᠨ ᠳᠠᠯᠠᠩ ᠨᠢ ᠬᠡᠷᠡᠮ | ᠮᠡᠲᠦ ᠲᠠᠷᠢᠶᠠᠨ ᠭᠠᠵᠠᠷ ᠢ ᠬᠠᠮᠠᠭᠠᠯᠠᠭᠰᠠᠨ ᠢᠶᠠᠷ ᠪᠠᠷᠠᠬᠤ ᠦᠭᠡᠢ ᠪᠠᠰᠠ ︽ᠤᠰᠤᠨ ᠬᠠᠰᠢᠯᠭ᠎ᠠ︾ ᠪᠣᠯᠵᠤ᠂ | ᠪᠣᠷᠣᠭᠠᠨ ᠤ ᠤᠰᠤ ᠶᠢ ᠬᠠᠰᠢᠵᠤ᠂ 1246 ᠮᠦ ᠰᠦᠷᠯᠢᠭ ᠰᠠᠶᠢᠬᠠᠨ ᠱᠠᠲᠤᠨ ᠲᠠᠷᠢᠶ᠎ᠠ ᠶᠢ ᠪᠦᠷᠢᠯᠳᠦᠭᠦᠯᠦᠨ᠂ | ᠤᠰᠤ ᠬᠥᠷᠥᠰᠥᠨ ᠤ ᠢᠳᠡᠭᠳᠡᠯ ᠢ ᠪᠦᠲᠦᠮᠵᠢᠲᠡᠢ ᠬᠤᠷᠢᠭᠯᠠᠵᠤ᠂ ᠠᠰᠢᠭᠯᠠᠯᠲᠠ ᠳᠤ ᠣᠷᠣᠭᠤᠯᠤᠭᠰᠠᠨ ᠲᠤᠬᠠᠢ ᠶᠢᠨ | ᠵᠢᠯ ᠤᠨ ᠮᠦ ᠳᠤᠮᠳᠠᠴᠢ ᠶᠢᠨ ᠣᠷᠣᠯᠭ᠎ᠠ 200 ᠲᠥᠭᠦᠷᠢᠭ ᠨᠡᠮᠡᠭᠳᠡᠭᠰᠡᠨ ᠪᠠᠶᠢᠨ᠎ᠠ᠃ | 2024 ᠣᠨ ᠤ ᠲᠠᠷᠢᠶᠠᠯᠠᠭ᠎ᠠ ᠶᠢᠨ ᠠᠵᠢᠯ ᠡᠬᠢᠯᠡᠬᠦ ᠲᠠᠰᠢᠷᠠᠮ ᠳᠤ᠂ ᠲᠣᠮᠣ ᠭᠡᠯᠪᠡᠷᠢ ᠶᠢᠨ ᠮᠠᠰᠢᠨ ᠮᠧᠬᠠᠨᠢᠭ | ᠤᠨ ᠬᠦᠷᠴᠢᠭᠢᠨᠡᠬᠦ ᠲᠠᠭᠤᠨ ᠬᠦᠷᠢᠶᠡᠲᠦ ᠲᠣᠰᠬᠤᠨ ᠤ ᠱᠠᠲᠤᠨ ᠲᠠᠷᠢᠶ᠎ᠠ ᠶᠢᠨ ᠨᠠᠮ ᠵᠢᠮ ᠪᠠᠶᠢᠳᠠᠯ ᠢ ᠡᠪᠳᠡᠵᠦ | ᠠᠮᠢᠵᠢᠷᠠᠯ ᠤᠨ ᠬᠦᠴᠦᠨ ᠢ ᠰᠡᠷᠭᠦᠭᠡᠪᠡ᠃ | ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠠᠢ ᠪᠣᠯᠴᠢᠬᠠᠪᠠᠯ ᠪᠢᠳᠡ ᠡᠨᠡ ᠵᠢᠯ ︿ᠨᠢᠭᠡᠳᠦᠯᠲᠡᠢ ᠳᠠᠷᠢᠵᠤ | ᠬᠠᠮᠲᠤ ᠪᠠᠷ ᠪᠠᠶᠠᠵᠢᠬᠤ﹀ ᠵᠠᠭᠪᠤᠷ ᠢ ᠬᠡᠷᠡᠭᠵᠢᠭᠦᠯᠵᠦ ᠪᠣᠯᠣᠨ᠎ᠠ᠂ ᠲᠣᠰᠬᠤᠨ ᠤ ᠠᠷᠠᠳ ᠭᠠᠵᠠᠷ ᠰᠢᠷᠣᠢ ᠪᠠᠨ | ᠡᠷᠭᠢᠯᠳᠦᠭᠦᠯᠦᠨ ᠠᠰᠢᠭᠯᠠᠬᠤ ᠪᠠᠷ ᠲᠠᠮᠵᠢᠨ ᠨᠢᠭᠡ ᠪᠦᠯᠦᠭ ᠵᠣᠭᠤᠰ ᠣᠯᠵᠤ ᠪᠣᠯᠣᠨ᠎ᠠ᠂ ᠬᠥᠯᠥᠰᠦᠨ ᠠᠵᠢᠯ ᠬᠢᠭᠡᠳ | ᠪᠠᠰᠠ ᠨᠢᠭᠡ ᠪᠦᠯᠦᠭ ᠵᠣᠭᠤᠰ ᠣᠯᠵᠤ ᠪᠣᠯᠣᠨ᠎ᠠ᠂ ᠨᠢᠳᠤᠨᠤᠨ ᠮᠠᠨ ᠤ ᠲᠣᠰᠬᠤᠨ ᠤ ᠨᠠᠶᠢᠳᠡ ᠶᠢᠨ ᠣᠷᠣᠯᠭ᠎ᠠ 12 | ᠲᠦᠮᠡ ᠭᠠᠷᠤᠢ ᠲᠥᠭᠦᠷᠢᠭ ᠨᠡᠮᠡᠭᠳᠡᠵᠡᠢ᠂ ᠣᠯᠠᠨ ᠢᠶᠠᠷ ᠢᠶᠠᠨ ᠬᠤᠷᠠᠯ ᠬᠢᠵᠦ ᠡᠨᠡ ᠬᠦ ᠵᠣᠭᠤᠰ ᠢᠶᠠᠷ ᠲᠤᠰᠬᠤᠨ ᠤ | ᠠᠷᠠᠳ ᠤᠨ ᠨᠢᠭᠡ ᠪᠦᠯᠦᠭ ᠬᠤᠷᠰᠢᠭᠰᠠᠨ ᠡᠮ ᠡᠮᠨᠡᠯᠭᠡ ᠶᠢᠨ ᠰᠦᠢᠳᠬᠡᠯ ᠢ ᠡᠭᠦᠷᠭᠡᠯᠡᠬᠦ ᠪᠠᠷ ᠲᠣᠭᠲᠠᠵᠠᠢ᠃ ᠡᠨᠡ ᠵᠢᠯ | ᠲᠣᠰᠬᠤᠨ ᠠᠴᠠ ᠪᠠᠰᠠ ᠲᠠᠷᠢᠶᠠᠯᠠᠩ ᠤᠨ ᠮᠠᠰᠢᠨ ᠤ ᠬᠤᠷᠰᠢᠶᠠᠵᠢᠯ ᠡᠷᠭᠢᠯᠡᠵᠦ᠂ ᠨᠠᠩ ᠠᠷᠪᠢᠨ ᠵᠣᠭᠤᠰ ᠣᠯᠵᠤ | ᠲᠣᠰᠬᠤᠨ ᠤ ᠠᠷᠠᠳ ᠲᠤ ᠲᠤᠰᠠᠯᠠᠮᠵᠢ ᠦᠵᠡᠭᠦᠯᠭᠦ ᠪᠠᠷ ᠪᠠᠶᠢᠨ᠎ᠠ︾ ᠭᠡᠵᠦ ᠰᠢᠦᠢ ᠶᠠ ᠯᠢ ᠠᠵᠢᠯ ᠤᠨ ᠲᠥᠰᠥᠪ | ᠲᠥᠯᠥᠪᠯᠡᠭᠡ ᠳᠡᠭᠡᠨ ᠮᠠᠰᠢ ᠢᠲᠡᠭᠡᠯ ᠲᠠᠢ ᠶᠠᠷᠢᠨ᠎ᠠ᠃ | ᠬᠦᠷᠢᠶ᠎ᠡ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠭᠠᠩ ᠬᠠᠭᠤᠷᠠᠢ ᠡᠯᠡᠰᠦᠨ | ᠴᠥᠯ ᠤᠨ ᠣᠷᠣᠨ ᠳᠤ ᠪᠠᠶᠢᠷᠢᠯᠠᠵᠤ᠂ ᠡᠮᠦᠨ᠎ᠡ ᠠᠴᠠ ᠤᠮᠠᠷᠠᠰᠢ ᠴᠢᠯᠠᠭᠤᠵᠢᠭᠰᠠᠨ ᠣᠷᠣᠨ᠂ ᠳᠣᠪᠣᠷᠬᠠᠭ᠂ | ᠡᠯᠡᠰᠦᠷᠬᠡᠭ᠂ ᠨᠠᠮᠤᠭ ᠭᠠᠵᠠᠷ ᠪᠣᠯᠣᠨ᠎ᠠ᠃ ᠬᠦᠷᠢᠶᠡᠲᠦ ᠲᠣᠰᠬᠤᠨ ᠠᠴᠠ ᠮᠣᠷᠳᠠᠵᠤ᠂ ᠬᠤᠶᠢᠰᠢ ᠠᠶᠠᠯᠠᠪᠠᠯ ᠵᠠᠮ | ᠳᠠᠭᠠᠤ ᠠᠳᠠᠯᠢ ᠪᠤᠰᠤ ᠭᠠᠵᠠᠷ ᠤᠨ ᠲᠥᠷᠬᠦ ᠶᠢ ᠣᠯᠵᠤ ᠬᠠᠷᠠᠬᠤ ᠪᠠᠷ ᠪᠠᠷᠠᠬᠤ ᠦᠭᠡᠢ᠂ ᠪᠠᠰᠠ ︽ᠠᠮᠢ ᠠᠬᠤᠢ ᠶᠢᠨ | ᠵᠠᠮ ᠢᠶᠠᠷ ᠵᠠᠮᠨᠠᠬᠤ︾ ᠬᠥᠭᠵᠢᠯᠲᠡ ᠶᠢᠨ ᠰᠡᠳᠬᠢᠴᠡ ᠶᠢᠨ ︽ᠬᠦᠷᠢᠶ᠎ᠡ ᠶᠢᠨ ᠭᠤᠤ︾ ᠳᠤ ᠠᠪᠴᠢᠷᠠᠭᠰᠠᠨ | ᠬᠤᠪᠢᠷᠠᠯᠲᠠ ᠶᠢ ᠣᠯᠵᠤ ᠬᠠᠷᠠᠨ᠎ᠠ᠃ | ᠬᠦᠷᠢᠶ᠎ᠡ ᠬᠤᠰᠢᠭᠤᠨ ᠤ ᠬᠤᠶᠢᠲᠤ ᠪᠡᠶ᠎ᠡ ᠳᠤ ᠪᠠᠶᠢᠭ᠎ᠠ ᠡᠯᠡᠰᠦᠨ ᠪᠠᠯᠭᠠᠰᠤ ᠶᠢᠨ ᠠᠭᠤᠯᠠ ᠭᠠᠴᠠᠭ᠎ᠠ ᠶᠢᠨ | ᠲᠠᠷᠢᠶᠠᠨ ᠭᠠᠵᠠᠷ ᠨᠥᠭᠡᠴᠡᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ | ᠠᠷᠪᠠ ᠭᠠᠷᠤᠢ ᠪᠠᠷᠢᠯᠭ᠎ᠠ ᠶᠢᠨ ᠮᠠᠰᠢᠨ ᠭᠠᠵᠠᠷ ᠲᠡᠭᠰᠢᠯᠡᠨ ᠨᠠᠭᠠᠰᠢ ᠴᠠᠭᠠᠰᠢ ᠰᠦᠯᠵᠢᠯᠳᠦᠨ᠎ᠡ᠃ | ︽ᠤᠷᠢᠳ ᠢᠶᠠᠷ ᠡᠯᠡᠰᠦᠨ ᠲᠤᠪᠤ ᠶᠢ ᠲᠡᠭᠰᠢᠯᠡᠵᠦ᠂ ᠲᠠᠭᠢᠨ ᠡᠪᠡᠰᠦ ᠲᠠᠷᠢᠵᠤ ᠡᠯᠡᠰᠦ ᠬᠥᠷᠥᠰᠥ ᠶᠢ | ᠲᠣᠭᠲᠠᠪᠤᠷᠢᠵᠢᠭᠤᠯᠤᠨ᠎ᠠ᠂ ᠳᠥᠷᠪᠡᠨ ᠵᠢᠯ ᠤᠨ ᠳᠠᠷᠠᠭ᠎ᠠ ᠠᠷᠠᠳ ᠢᠷᠭᠡᠳ ᠲᠤ ᠠᠮᠤ ᠪᠤᠳᠠᠭ᠎ᠠ ᠳᠠᠷᠢᠵᠤ ᠥᠭᠭᠦᠨ᠎ᠡ᠃ | ︾ ᠭᠠᠴᠠᠭ᠎ᠠ ᠶᠢᠨ ᠨᠠᠮ ᠤᠨ ᠡᠭᠦᠷ ᠤᠨ ᠱᠦᠵᠢ ᠴᠢᠯᠠᠭᠤ ᠭᠤᠸᠠᠢ ᠪᠠᠷᠢᠯᠭ᠎ᠠ ᠶᠢᠨ ᠠᠵᠢᠯ ᠤᠨ ᠲᠤᠬᠠᠢ ᠶᠢᠨ | ᠲᠠᠯᠠᠪᠠᠶ ᠳᠤ ︽ᠠᠵᠢᠯ ᠬᠢᠨᠠᠵᠤ︾᠂ ᠰᠠᠯᠬᠢᠨ ᠳᠤ ᠪᠣᠷᠣᠯᠠᠭᠰᠠᠨ ᠴᠢᠷᠠᠢ ᠳᠤᠨᠢ ᠢᠲᠡᠭᠡᠯ ᠬᠦᠰᠡᠯ ᠪᠢᠯᠬᠠᠨ᠎ᠠ᠃ ︽ | ᠥᠩᠭᠡᠷᠡᠭᠰᠡᠨ ᠳᠤ ᠠᠷᠠᠳ ᠢᠷᠭᠡᠳ ᠡᠯᠡᠰᠦ ᠮᠠᠩᠬ᠎ᠠ ᠳᠤᠮᠳᠠ ᠠᠴᠠ ᠬᠡᠳᠦᠨ ᠵᠠᠭᠤᠨ ᠮᠦ ᠲᠠᠷᠢᠶᠠᠨ ᠭᠠᠵᠠᠷ | ᠭᠠᠷᠭᠠᠵᠤ᠂ ᠪᠦᠲᠦᠨ ᠨᠢᠭᠡ ᠵᠢᠯ ᠶᠠᠭᠠᠷᠠᠭᠰᠠᠨ ᠴᠤ ᠳᠡᠮᠡᠢ ᠠᠮᠤ ᠪᠤᠳᠠᠭ᠎ᠠ ᠬᠤᠷᠢᠶᠠᠵᠤ ᠳᠡᠶᠢᠯᠭᠦ ᠦᠭᠡᠢ ᠪᠠᠶᠢᠵᠠᠢ᠃ | ᠤᠲᠤ ᠰᠠᠶᠢᠨ ᠪᠣᠯᠤᠭᠰᠠᠨ᠂ ᠨᠢᠭᠡ ᠯᠡ ᠳᠡᠭᠡᠷ᠎ᠡ 5200 ᠭᠠᠷᠤᠢ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠠᠢ | ᠪᠣᠯᠵᠤ᠂ ᠣᠷᠣᠯᠭ᠎ᠠ ᠭᠡᠳᠦ ᠳᠠᠭᠢᠨ ᠢᠶᠠᠷ ᠨᠡᠮᠡᠭᠳᠡᠬᠦ ᠪᠣᠯᠣᠨ᠎ᠠ︾ ᠭᠡᠵᠦ ᠴᠢᠯᠠᠭᠤ ᠱᠦᠵᠢ ᠪᠠᠶᠠᠷᠲᠠᠶᠢᠬᠠᠨ ᠶᠠᠷᠢᠨ᠎ᠠ᠃ | ︽ᠠᠮᠢ ᠠᠬᠤᠢ ᠶᠢᠨ ᠵᠠᠮ ᠢᠶᠠᠷ ᠵᠠᠮᠨᠠᠵᠤ᠂ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠦᠨ᠂ ᠰᠣᠶᠣᠯ | ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠡᠭᠦᠳᠴᠦ︾᠂ ᠬᠦᠷᠢᠶ᠎ᠡ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ︽ᠠᠳᠠᠯᠢᠳᠬᠠᠨ ᠰᠤᠷᠤᠯᠴᠠᠵᠤ ᠳᠠᠪᠠᠵᠤ | ᠭᠠᠷᠬᠤ︾ ᠤᠷᠤᠯᠳᠤᠭᠠᠨ ᠥᠷᠨᠢᠭᠦᠯᠵᠦ᠂ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠤ ᠬᠢᠨ ᠢᠳᠡᠪᠬᠢᠲᠡᠢ | ᠥᠷᠢᠰᠦᠯᠳᠦᠨ ᠤᠷᠤᠯᠴᠡᠵᠤ᠂ ᠡᠪᠡᠰᠦ ᠮᠣᠳᠣ ᠳᠠᠷᠢᠵᠤ᠂ ᠠᠲᠠᠷ ᠭᠤᠤ ᠶᠢ ᠵᠠᠰᠠᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠪᠤᠢ᠃ ᠲᠣᠰ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠨᠡᠶᠢᠲᠡ | 279 ᠲᠦᠮᠡᠨ ᠮᠦ ︵1860 ᠲᠡᠭᠰᠢ ᠳᠥᠷᠪᠡᠯᠵᠢᠨ ᠺᠢᠯᠣᠮᠧᠳ᠋ᠷ︶ ᠶᠡᠷᠦᠩᠬᠡᠶᠢᠯᠡᠨ ᠵᠠᠰᠠᠵᠤ᠂ ᠤᠷᠢᠳ ᠬᠤᠵᠢᠳ | ᠪᠦᠭᠦ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠠᠮᠢ ᠠᠬᠤᠢ ᠶᠢᠨ ᠣᠷᠴᠢᠨ ᠨᠥᠬᠦᠴᠡᠯ ᠤᠨ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠰᠢᠶᠠᠨ᠂ ᠪᠦᠭᠦ ᠤᠯᠤᠰ ᠤᠨ ᠵᠢᠵᠢᠭ ᠰᠠᠪᠠ ᠭᠠᠵᠠᠷ ᠢ ᠵᠠᠰᠠᠭᠰᠠᠨ | ᠲᠡᠷᠢᠭᠦᠨ ᠤ ᠰᠢᠶᠠᠨ᠂ ᠪᠦᠭᠦ ᠤᠯᠤᠰ ᠤᠨ ᠣᠶᠢᠵᠢᠭᠤᠯᠵᠤ ᠨᠣᠭᠤᠭᠠᠷᠠᠭᠤᠯᠤᠯᠲᠠ ᠬᠢᠭᠰᠡᠨ ᠵᠠᠭᠤᠨ ᠰᠢᠯᠢᠳᠡᠭ ᠰᠢᠶᠠᠨ | ᠪᠠ ᠪᠦᠭᠦ ᠤᠯᠤᠰ ᠤᠨ ᠠᠵᠤ ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠰᠢᠶᠠᠨ ᠵᠡᠷᠭᠡ | ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ | |