5 ᠰᠠᠷ᠎ᠠ ᠶᠢᠨ 15 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠦᠷᠢᠶ᠎ᠡ ᠬᠤᠰᠢᠭᠤᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠵᠢᠴᠢ ᠠᠵᠢᠯ | ᠲᠥᠷᠥᠯ ᠢᠶᠠᠷ ᠢᠶᠠᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ︽ᠲᠥᠭᠦᠭᠡᠷᠦᠮᠵᠢᠲᠦ ᠲᠠᠷᠢᠶᠠᠯᠠᠩ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ︾ ᠶᠢ | ᠠᠬᠢᠭᠤᠯᠬᠤ︾ ᠶᠢᠨ ᠲᠣᠭᠤᠷᠢᠨ ᠳᠤ ᠠᠵᠢᠯ ᠲᠥᠷᠥᠯ ᠢᠶᠠᠷ ᠢᠶᠠᠨ ᠵᠦᠪᠳᠡᠯᠴᠡᠪᠡ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠴᠢᠩ ᠱᠠᠨ᠂ ᠳᠡᠳ᠋ ᠲᠡᠷᠢᠭᠦᠯᠡᠭᠴᠢ ᠬᠥ᠋ | ᠰᠢᠤ ᠶᠢᠩ᠂ ᠸᠠᠩ ᠶᠣᠣ ᠬᠤᠶ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠴᠢᠨ ᠶᠠᠨ ᠬᠤᠷᠠᠯ ᠳᠤ ᠣᠷᠣᠯᠴᠠᠵᠤ ᠰᠠᠨᠠᠯ ᠰᠠᠨᠠᠭᠤᠯᠭ᠎ᠠ ᠶᠢ ᠰᠣᠨᠣᠰᠪᠠ᠃ ᠬᠤᠷᠠᠯ ᠢ ᠪᠠᠶ ᠴᠢᠩ | ᠱᠠᠨ ᠡᠷᠬᠢᠯᠡᠪᠡ᠃ | ᠪᠠᠢ ᠴᠢᠩ ᠱᠠᠨ ᠴᠢᠬᠤᠯᠠᠴᠢᠯᠠᠭᠰᠠᠨ ᠨᠢ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠦᠨ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠵᠤ᠂ ᠲᠦᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠦᠨ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ | ᠭᠦᠢᠴᠡᠳ ᠰᠣᠨᠣᠰᠴᠤ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠨᠡᠶᠢᠭᠡᠮ ᠤᠨ ᠪᠡᠯᠡ ᠮᠥᠩᠭᠦ ᠶᠢ | ᠭᠦᠢᠴᠡᠳ ᠠᠰᠢᠭᠯᠠᠨ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ | ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠦᠨ᠂ | ᠭᠠᠴᠠᠭ᠎ᠠ ᠲᠣᠰᠬᠤᠨ ᠪᠣᠯᠤᠨ ᠲᠠᠷᠢᠮᠠᠯ ᠤᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠬᠠᠮᠢᠶᠠᠷᠤᠯᠲᠠ ᠳᠤ ᠭᠦᠨᠵᠡᠭᠡᠢ ᠣᠷᠣᠯᠴᠠᠭᠤᠯᠬᠤ ᠬᠡᠷᠡᠭᠲᠡᠢ᠃ | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ᠂ ᠵᠥᠪᠯᠡᠬᠦ ᠠᠷᠠᠳᠴᠢᠯᠠᠯ ᠢ ᠪᠥᠬᠦ ᠲᠠᠯ᠎ᠠ ᠪᠠᠷ ᠬᠥᠭᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ | ᠪᠠᠷᠢᠮᠲᠠᠯᠠᠨ ᠦᠢᠯᠡᠳᠦᠯᠭᠡᠵᠢᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ ᠵᠥᠪᠯᠡᠯᠭᠡ ᠬᠢᠵᠦ | ᠵᠠᠰᠠᠭ ᠤᠨ ᠶᠠᠪᠤᠳᠠᠯ ᠢ ᠵᠥᠪᠯᠡᠬᠦ ᠶᠢ ᠥᠷᠨᠢᠭᠦᠯᠵᠦ᠂ ᠮᠠᠨ ᠤ ᠬᠤᠰᠢᠭᠤᠨ ᠤ ᠲᠦᠬᠦᠭᠡᠷᠦᠮᠵᠢᠲᠦ ᠲᠠᠷᠢᠶᠠᠯᠠᠩ ᠤᠨ | ᠬᠥᠭᠵᠢᠯᠲᠡ ᠶᠢᠨ ᠬᠡᠪᠴᠢᠶ᠎ᠡ ᠶᠢ ᠥᠷᠭᠡᠳᠬᠡᠬᠦ᠂ ᠰᠠᠭᠤᠷᠢ ᠨᠥᠬᠦᠴᠡᠯ ᠢ ᠰᠠᠶᠢᠵᠢᠷᠠᠭᠤᠯᠬᠤ᠂ ᠦᠢᠯᠡᠳᠪᠦᠷᠢᠯᠡᠯ ᠤᠨ | ᠦᠷ᠎ᠡ ᠠᠰᠢᠭ ᠢ ᠳᠡᠭᠡᠭᠰᠢᠯᠡᠭᠦᠯᠬᠦ᠂ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ | ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠦᠨᠵᠡᠭᠡᠶ ᠪᠠᠶᠢᠴᠠᠭᠠᠨ ᠰᠤᠳᠤᠯᠤᠯᠲᠠ ᠥᠷᠨᠢᠭᠦᠯᠬᠦ ᠬᠡᠷᠡᠭᠲᠡᠶ᠃ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ᠂ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠤᠨ᠂ ᠤᠯᠤᠰ | ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠡᠯ᠎ᠡ ᠰᠠᠯᠠᠭ᠎ᠠ ᠮᠥᠴᠢᠷ ᠪᠠ ᠭᠡᠰᠢᠭᠦᠳ ᠤᠨ | ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠢᠩᠭᠡᠭᠡᠨ ᠠᠪᠴᠤ᠂ ᠪᠣᠳᠠᠲᠤ ᠪᠠᠶᠢᠳᠠᠯ ᠢ ᠡᠵᠡᠮᠰᠢᠨ᠂ ᠠᠰᠠᠭᠤᠳᠠᠯ ᠢ | ᠣᠨᠣᠪᠴᠢᠲᠠᠶ ᠡᠷᠢᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠠᠵᠢᠯ ᠢ ᠬᠢᠨᠠᠮᠠᠭᠠᠶ ᠰᠤᠳᠤᠯᠤᠨ ᠰᠠᠶᠢᠲᠤᠷ ᠬᠢᠬᠦ ᠬᠡᠷᠡᠭᠲᠡᠶ︔ ᠤᠯᠤᠰ ᠲᠥᠷᠥ ᠶᠢᠨ ᠵᠥᠪᠯᠡᠯᠭᠡᠨ ᠤ | ᠠᠯᠪᠠᠨ ᠬᠡᠷ ᠨᠢ ᠵᠥᠪᠯᠡᠯᠭᠡᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠪᠣᠳᠠᠲᠠᠶ | ᠠᠳᠬᠤᠵᠤ᠂ ᠵᠥᠪᠯᠡᠯᠭᠡᠨ ᠤ ᠦᠷ᠎ᠡ ᠪᠦᠲᠦᠭᠡᠯ ᠢᠶᠠᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠰᠢᠭᠲᠠᠢ ᠯᠠᠪᠯᠠᠯᠲᠠ ᠬᠠᠩᠭᠠᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠲᠦᠬᠦᠭᠡᠷᠦᠮᠵᠢᠲᠦ | ᠲᠠᠷᠢᠶᠠᠯᠠᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ︾ ᠪᠠᠶᠢᠴᠠᠭᠠᠨ ᠰᠤᠳᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠷᠠᠯ ᠳᠤ ᠣᠷᠣᠯᠴᠠᠭᠰᠠᠳ ᠬᠤᠯᠪᠣᠭᠳᠠᠯ ᠪᠦᠬᠦᠢ ᠠᠵᠢᠯ ᠤᠨ | ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | | | |