5 ᠰᠠᠷ᠎ᠠ ᠶᠢᠨ 15 ᠤ ᠡᠳᠦᠷ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠬᠤᠷᠠᠯᠳᠤᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠸᠠᠩ ᠬᠦᠶ ᠯᠠᠨ᠂ ᠳᠡᠳ᠋ ᠡᠷᠬᠢᠯᠡᠭᠴᠢ ᠪᠦᠦ ᠱᠠᠭᠠᠷᠠᠢ᠂ ᠹᠠᠨ ᠭᠤᠸᠠᠩ ᠴᠤᠤ᠂ ᠵᠠᠩ ᠱᠤ᠋ ᠯᠢ᠂ ᠶᠠᠩ ᠵᠠᠨ ᠬᠠᠶ | ᠬᠤᠷᠠᠯ ᠳᠤ ᠣᠷᠣᠯᠴᠠᠵᠠᠶ᠃ ᠬᠤᠷᠠᠯ ᠢ ᠸᠠᠩ ᠬᠦᠢ ᠯᠠᠨ ᠡᠷᠬᠢᠯᠡᠪᠡ᠃ ᠬᠤᠷᠠᠯ ᠳᠤ ᠣᠷᠣᠯᠴᠠᠬᠤ ᠶᠣᠰᠣᠲᠠᠶ | ᠪᠦᠷᠢᠯᠳᠦᠬᠦᠨ 32 ᠬᠥᠮᠦᠨ᠂ ᠪᠣᠳᠠᠲᠠᠶ ᠣᠷᠣᠯᠴᠠᠭᠰᠠᠨ ᠨᠢ 31 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ | ᠬᠥᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠦᠷᠢᠶ᠎ᠡ ᠬᠤᠰᠢᠭᠤᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠳᠤᠮᠳᠠ ᠬᠤᠭᠤᠴᠠᠭᠠᠨ ᠤ | ᠦᠨᠡᠯᠡᠯᠲᠡ ᠶᠢᠨ ᠮᠡᠳᠡᠭᠦᠯᠦᠯᠲᠡ᠂ 2023 ᠣᠨ ᠤ ᠲᠤᠰᠬᠠᠶ ᠲᠦᠷᠦᠯ ᠤᠨ ᠰᠢᠯᠵᠢᠭᠦᠯᠦᠨ ᠥᠭᠬᠦ ᠪᠠᠯᠠ ᠮᠥᠩᠭᠦ ᠶᠢ | ᠬᠡᠷᠡᠭᠯᠡᠭᠰᠡᠨ ᠪᠠᠶᠢᠳᠠᠯ ᠪᠠ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ︽ᠬᠦᠷᠢᠶ᠎ᠡ | ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠬᠡᠰᠡᠭ | ᠬᠦᠢᠴᠡᠳᠭᠡᠯ ᠲᠤᠭ᠎ᠠ ᠶᠢ ᠳᠣᠭᠢᠷᠠᠭᠤᠯᠬᠤ ᠲᠥᠰᠦᠯ ᠢ ᠵᠥᠪᠰᠢᠶᠡᠷᠡᠪᠡ︔ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠥᠬᠦ ᠬᠤᠰᠢᠭᠤᠨ ᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠮᠠᠯ ᠤᠨ ᠦᠷ᠎ᠡ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠮᠣᠳᠣᠨ ᠤ ᠦᠷ᠎ᠡ ᠶᠢᠨ ᠲᠦᠷᠢᠮ︾ ᠤᠨ ᠪᠠᠶᠢᠳᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠪᠡ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ᠂ ᠨᠢᠭᠲᠠᠷᠠᠭᠰᠠᠨ | ᠬᠡᠯᠪᠡᠷᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢᠨ ᠠᠵᠢᠯ ᠢ | ᠥᠷᠨᠢᠭᠦᠯᠦᠭᠰᠡᠨ ᠪᠠᠶᠢᠳᠠᠯ᠂ ᠪᠥᠬᠦ ᠬᠤᠰᠢᠭᠤᠨ ᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ | ᠬᠡᠷᠡᠭᠵᠢᠭᠦᠯᠦᠭᠰᠡᠨ ᠪᠠᠶᠢᠳᠠᠯ᠂ 2023 ᠣᠨ ᠤ ᠪᠥᠬᠦ ᠬᠤᠰᠢᠭᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ | ᠪᠠᠶᠢᠳᠠᠯ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠪᠣᠯᠤᠨ | 2023 ᠣᠨ ᠤ ᠪᠥᠬᠦ ᠬᠤᠰᠢᠭᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠤᠨ ᠲᠤᠰᠬᠠᠶ ᠲᠦᠷᠦᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ ᠤᠨ | ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠠ᠃ | | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠᠩ ᠪᠥᠸᠧ᠂ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠰᠢᠭᠦᠬᠦ | ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ | ᠰᠢᠶᠠᠨᠵᠢᠨ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠰᠠᠭᠤᠭᠠᠯᠢ | ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠯᠥᠭᠡᠯᠡᠭᠴᠢ ᠶᠢᠨ ᠠᠵᠢᠯ ᠤᠨ ᠬᠠᠷᠢᠭᠤᠴᠠᠯᠭᠠᠲᠠᠨ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ ᠤᠨ | ᠳᠡᠳ᠋ ᠡᠷᠬᠢᠯᠡᠭᠴᠢ᠂ ᠬᠡᠰᠡᠭ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠪᠠ᠃ | | | |