ᠲᠠᠪᠤᠳᠤᠭᠠᠷ ᠬᠤᠭᠤᠴᠠᠭᠠᠨ ᠤ ︽ᠤᠭ᠍ᠶᠤᠳᠠᠢ︾ ᠬᠤᠨᠳᠠᠭᠠᠲᠤ ᠬᠤᠷᠴᠢᠨ ᠤ ᠠᠷᠠᠳ ᠤᠨ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2024/5/24
  5 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠯᠡᠰᠦᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠰᠣᠶᠣᠯ ᠤᠨ ᠣᠷᠳᠣᠨ ᠤ ᠬᠠᠮᠵᠢᠯᠴᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ ᠤ ︽ᠤᠭ᠍ᠶᠤᠳᠠᠢ︾ ᠬᠤᠨᠳᠠᠭᠠᠲᠤ ᠬᠤᠷᠴᠢᠨ ᠤ ᠠᠷᠠᠳ ᠤᠨ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠡᠯᠡᠰᠦᠨ ᠪᠠᠯᠭᠠᠰᠤᠨ ᠤ ᠪᠠᠶᠠᠨᠲᠠᠯ᠎ᠠ ᠭᠠᠴᠠᠭ᠎ᠠ ᠳᠤ ᠦᠪᠡᠳᠡᠭᠰᠢ ᠶᠡᠭᠡ ᠪᠠᠷ ᠶᠠᠪᠤᠭᠳᠠᠪᠠ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠱᠤ᠋ ᠯᠢᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ  ᠮᠢᠩ ᠮᠢᠩ ᠱᠠᠩᠨᠠᠯ ᠣᠯᠭᠤᠬᠤ ᠦᠳᠡᠰᠢᠯᠡᠭᠡ ᠳᠤ ᠣᠷᠣᠯᠴᠠᠪᠠ᠃ ᠠᠩᠬᠠᠨ ᠤ ᠤᠷᠤᠯᠳᠤᠭᠠᠨ᠂  ᠬᠤᠶᠠᠳᠠᠬᠢ ᠤᠷᠤᠯᠳᠤᠭᠠᠨ ᠢᠶᠠᠷ ᠳᠠᠮᠵᠢᠨ᠂ ᠡᠴᠦᠰ ᠲᠡᠭᠡᠨ 24 ᠨᠡᠷᠡᠰ ᠬᠤᠷᠴᠢᠨ ᠤ ᠠᠷᠠᠳ ᠤᠨ ᠳᠠᠭᠤᠤ ᠶᠢᠨ ᠳᠤᠷ᠎ᠠ ᠪᠠᠭ᠋ᠠᠲᠠᠳ 140 ᠬᠥᠮᠦᠨ ᠤ ᠳᠣᠲᠣᠷ᠎ᠠ ᠠᠴᠠ ᠴᠣᠯᠭᠤᠷᠠᠨ ᠭᠠᠷᠴᠤ᠂ ᠰᠢᠢᠳᠪᠦᠷᠢᠲᠦ ᠤᠷᠤᠯᠳᠤᠭᠠᠨ ᠳᠤ ᠣᠷᠣᠵᠤ ᠬᠠᠮᠲᠤ ᠪᠠᠷ ᠮᠦᠷᠦᠶᠢᠴᠡᠪᠡ᠃ ᠰᠢᠢᠳᠪᠦᠷᠢᠲᠦ ᠤᠷᠤᠯᠳᠤᠭᠠᠨ ᠢ ᠨᠠᠰᠤᠨ ᠳᠤ ᠬᠦᠷᠦᠭᠰᠡᠳ ᠤᠨ ᠳᠤᠭᠤᠶᠢᠯᠠᠩ᠂ ᠪᠠᠭᠠᠴᠤᠳ ᠤᠨ ᠳᠤᠭᠤᠶᠢᠯᠠᠩ ᠭᠡᠵᠦ ᠬᠤᠶᠠᠷ ᠳᠤᠭᠤᠶᠢᠯᠠᠩ ᠬᠤᠪᠢᠶᠠᠪᠠ᠃ ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ︽ᠨᠤᠭᠤᠨᠵᠠᠶᠠᠭ᠎ᠠ︾᠂ ︽ᠳᠠᠭᠤᠯᠠ︾᠂ ︽ᠤᠭ᠍ᠶᠤᠳᠠᠢ︾ ᠵᠡᠷᠭᠡ ᠢᠷᠠᠭᠤ ᠰᠠᠶᠢᠬᠠᠨ ᠳᠠᠭᠤᠤ ᠬᠥᠭᠵᠢᠮ ᠢᠶᠠᠷ ᠳᠠᠮᠵᠢᠭᠤᠯᠤᠨ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ᠂ ᠥᠷᠨᠢᠭᠦᠨ ᠪᠠᠳᠠᠷᠠᠩᠭᠤᠶ ᠥᠭᠡᠳᠡᠯᠡᠨ  ᠬᠦᠭᠵᠢᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠠᠬᠤᠢ ᠲᠠᠯᠠᠪᠠᠢ ᠶᠢᠨ ᠦᠵᠡᠭᠴᠢᠳ ᠲᠤ ᠰᠢᠯᠢᠳᠡᠭ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃    ᠳᠠᠷᠠᠭ᠎ᠠ ᠨᠢ ᠶᠠᠪᠤᠭᠳᠠᠭᠰᠠᠨ ᠱᠠᠩᠨᠠᠯ ᠣᠯᠭᠤᠬᠤ ᠦᠳᠡᠰᠢᠯᠡᠭᠡ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠠᠰᠠ ᠤᠷᠤᠯᠳᠤᠭᠠᠨ ᠤ ᠪᠠᠭᠠᠴᠤᠳ ᠤᠨ ᠳᠤᠭᠤᠶᠢᠯᠠᠩ᠂ ᠨᠠᠰᠤᠨ ᠳᠤ ᠬᠦᠷᠦᠭᠰᠡᠳ ᠤᠨ ᠳᠤᠭᠤᠶᠢᠯᠠᠩ ᠤᠨ ᠲᠥᠷᠥᠯ ᠢᠯᠭᠠᠯ ᠤᠨ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃ ᠲᠣᠰ ᠤᠳᠠᠭᠠᠨ ᠤ ᠤᠷᠤᠯᠳᠤᠭᠠᠨ ᠨᠢ 3 ᠡᠳᠦᠷ ᠶᠠᠪᠤᠭᠳᠠᠵᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠢᠴᠢ ᠰᠢᠯᠢ ᠶᠢᠨ ᠭᠤᠣᠯ ᠠᠶᠢᠮᠠᠭ ᠵᠡᠷᠭᠡ ᠡᠷᠬᠢᠨ ᠲᠣᠭᠤᠷᠢᠨ ᠤ ᠠᠶᠢᠮᠠᠭ ᠬᠤᠲᠠ᠂ ᠬᠤᠰᠢᠭᠤ ᠰᠢᠶᠠᠨ ᠠᠴᠠ 140 ᠨᠡᠷᠡᠰ ᠳᠠᠭᠤᠴᠢᠨ ᠤᠷᠤᠯᠳᠤᠭᠠᠨ ᠳᠤ ᠣᠷᠣᠯᠴᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号