ᠬᠤᠰᠢᠭᠤᠨ ᠤ ᠦᠨᠳᠦᠰᠦᠲᠡᠨ ᠤ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
  5 ᠰᠠᠷ᠎ᠠ ᠶᠢᠨ 23 ᠤ ᠡᠳᠦᠷ᠂ ᠬᠤᠰᠢᠭᠤᠨ ᠤ ᠦᠨᠳᠦᠰᠦᠲᠡᠨ ᠤ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︽ᠤᠷᠠᠨ ᠳᠠᠷᠬᠠᠨ ᠤ ᠵᠡᠭᠦᠳᠦ ᠪᠠᠨ ᠲᠡᠷᠭᠡᠯᠰᠢᠭᠦᠯᠦᠭᠰᠡᠨ ᠨᠢ ᠳᠥᠴᠢᠨ ᠵᠢᠯ   ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ ᠭᠡᠷᠡᠯ ᠰᠠᠴᠤᠷᠠᠩᠭᠤᠶ ᠦᠢᠯᠡᠰ ᠢ ᠴᠣᠭᠴᠠᠯᠠᠬᠤ︾ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠪᠡ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠬᠠᠶ ᠪᠢᠨ ᠠᠵᠢᠯᠯᠠᠭ᠎ᠠ ᠳᠤ ᠣᠷᠣᠯᠴᠠᠵᠠᠶ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠠᠭᠤᠤ ᠪᠥᠵᠢᠭ ᠤᠨ ᠲᠣᠭᠯᠠᠯᠲᠠ᠂ ᠦᠵᠡᠭᠳᠡᠯ ᠤᠨ ᠤᠷᠠᠨ ᠤᠩᠰᠢᠯᠭ᠎ᠠ᠂ ᠬᠦᠭᠵᠢᠮᠳᠡᠭᠦᠷ ᠤᠨ ᠬᠥᠭᠵᠢᠮ ᠪᠣᠯᠤᠨ ᠲᠠᠶᠢᠰᠠᠨ ᠤ ᠵᠦᠴᠦᠭᠡ ᠵᠡᠷᠭᠡ ᠲᠣᠭᠯᠠᠯᠲᠠ ᠡᠭᠡᠯᠵᠢᠯᠡᠨ ᠶᠠᠪᠤᠭᠳᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠷᠢᠳᠢ ᠰᠢᠳᠢ ᠪᠣᠯᠤᠨ ᠲᠤᠰᠬᠠᠢ ᠮᠡᠷᠭᠡᠵᠢᠯ ᠤᠨ ᠪᠣᠳᠠᠲᠤ ᠬᠦᠴᠦᠨ ᠢ ᠪᠦᠬᠦ ᠲᠠᠯ᠎ᠠ ᠪᠠᠷ ᠢᠯᠡᠷᠡᠭᠦᠯᠦᠭᠰᠡᠨ ᠪᠥᠭᠡᠳ ᠰᠤᠷᠤᠭᠴᠢᠳ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠬᠤᠯᠠ ᠴᠢᠨᠠᠷ ᠪᠣᠯᠤᠨ ᠠᠴᠢ ᠬᠤᠯᠪᠣᠭᠳᠠᠯ ᠢ ᠨᠡᠩ ᠭᠦᠨᠵᠡᠭᠡᠢ ᠤᠢᠢᠯᠠᠭᠠᠭᠤᠯᠵᠤ᠂ ᠢᠷᠡᠭᠡᠳᠦᠢ ᠶᠢᠨ ᠠᠵᠢᠯ ᠮᠡᠷᠭᠡᠵᠢᠯ ᠤᠨ ᠴᠢᠭᠯᠡᠯ ᠢ ᠨᠡᠩ ᠰᠠᠶᠢᠲᠤᠷ ᠲᠥᠯᠥᠪᠵᠢᠭᠦᠯᠣᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠤᠬᠠᠭᠤᠯᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号