74 ᠳᠠᠬᠢ ︽6 · 1︾ ᠤ ᠳᠡᠯᠡᠬᠡᠶ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠦᠷᠢᠶ᠎ᠡ | ᠪᠠᠯᠭᠠᠰᠤᠨ ᠤ ᠭᠤᠷᠪᠡᠨᠭᠡᠷ ᠭᠠᠴᠠᠭ᠎ᠠ ᠨᠢᠭᠡ ᠤᠳᠠᠭᠠᠨ ᠤ ︽ᠬᠤᠸᠠᠰᠢᠶᠠ ᠬᠤᠨᠳᠠᠭᠠᠲᠤ︾ ᠴᠢᠬᠢ ᠰᠠᠭᠤᠯᠭᠠᠬᠤ | ᠪᠠᠶᠠᠷ ᠤᠨ ᠬᠥᠳᠡᠯᠮᠦᠷᠢ ᠶᠢᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠬᠡᠤᠬᠡᠳ ᠤᠳ ᠲᠤ ᠬᠥᠳᠡᠯᠮᠦᠷᠢ ᠶᠢᠨ | ᠳᠤᠮᠳᠠ ᠬᠠᠷᠠᠭ᠎ᠠ ᠪᠠᠨ ᠥᠷᠭᠡᠳᠬᠡᠵᠦ᠂ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠭᠤᠯᠵᠤ᠂ ᠬᠥᠳᠡᠯᠮᠦᠷᠢ ᠶᠢᠨ | ᠪᠠᠶᠠᠷ ᠪᠠᠶᠠᠰᠤᠯ ᠢ ᠮᠡᠳᠡᠷᠡᠭᠦᠯᠪᠡ᠃ | ᠬᠥᠯ ᠨᠢ ᠰᠢᠪᠠᠷ ᠰᠢᠷᠤᠢ ᠳᠣᠲᠤᠷ᠎ᠠ ᠭᠢᠰᠬᠢᠵᠦ ᠡᠬᠡ ᠪᠠᠢᠭᠠᠯᠢ ᠲᠠᠢ ᠣᠶᠢᠷᠠᠲᠤᠪᠠ᠃ ᠬᠡᠦᠬᠡᠳ ᠤᠳ ᠪᠢᠴᠢᠬᠠᠨ | ᠲᠠᠷᠢᠶᠠᠴᠢᠨ ᠪᠣᠯᠵᠤ᠂ ᠰᠥᠰᠥ ᠵᠣᠷᠢᠭ ᠢᠶᠠᠨ ᠬᠥᠪᠴᠢᠯᠡᠨ ᠲᠤᠲᠤᠷᠭ᠎ᠠ ᠶᠢᠨ ᠲᠠᠷᠢᠶᠠᠨ ᠳᠤ ᠣᠷᠤᠵᠤ᠂ ᠬᠥᠮᠦᠨ ᠤ | ᠠᠮᠢᠳᠤᠷᠠᠯ ᠤᠨ ᠵᠠᠮ ᠤᠨ ᠠᠩᠬᠠᠳᠠᠭᠴᠢ ᠴᠢᠬᠢ ᠶᠢ ᠨᠠᠷᠢᠨ ᠬᠢᠨᠠᠮᠠᠭᠠᠶ ᠰᠠᠭᠤᠯᠭᠠᠪᠠ᠃ ᠨᠢᠭᠡᠳᠦᠭᠡᠷ ᠤᠳᠠᠭ᠎ᠠ ᠲᠠᠷᠢᠶᠠᠨ | ᠴᠢᠬᠢ ᠰᠠᠭᠤᠯᠠᠭᠵᠤ ᠮᠡᠷᠭᠡᠵᠢᠯ ᠨᠢ ᠪᠠᠭ᠎ᠠ ᠠᠨᠠᠢ ᠪᠠᠶᠢᠪᠠᠴᠤ᠂ ᠭᠠᠷ ᠬᠦᠳᠡᠯᠦᠯᠴᠡᠨ ᠴᠢᠬᠢ ᠬᠤᠪᠢᠶᠠᠵᠤ ᠴᠢᠬᠢ | ᠰᠠᠭᠤᠯᠭᠠᠬᠤ ᠳᠤ ᠶᠣᠰᠣᠯᠠᠯ ᠤᠨ ᠲᠥᠷᠦᠭᠳᠡᠯ ᠨᠢ ᠦᠨᠡᠨ ᠪᠣᠳᠠᠲᠠᠢ ᠶᠤᠮ᠃ ᠨᠢᠯᠬ᠎ᠠ ᠴᠢᠬᠢ ᠡᠰᠢ ᠲᠡᠰᠢ ᠤᠨᠠᠵᠤ | ᠬᠠᠵᠠᠶᠢᠭᠰᠠᠨ ᠴᠤ ᠬᠠᠶᠠ ᠰᠢᠪᠠᠷ ᠤᠰᠤ ᠲᠠᠢ ᠳᠣᠲᠣᠨᠣᠰᠤᠭ ᠢᠶᠠᠷ ᠣᠶᠢᠷᠠᠲᠤᠵᠤ᠂ ᠬᠡᠦᠬᠡᠳ ᠤᠳ ᠡᠷᠴᠢ | ᠵᠣᠷᠢᠭ ᠢᠶᠠᠷ ᠲᠡᠭᠦᠯᠳᠡᠷ ᠪᠠᠶᠢᠵᠤ᠂ ᠲᠠᠷᠢᠶᠠᠯᠠᠬᠤ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠵᠤ᠂ ᠮᠥᠬᠦᠯᠢᠭ ᠠᠮᠤ | ᠳᠠᠬᠢ ᠵᠦᠳᠡᠷᠡᠯ ᠤᠨ ᠤᠳᠬ᠎ᠠ ᠰᠠᠨᠠᠭ᠎ᠠ ᠶᠢ ᠨᠡᠩ ᠭᠦᠨᠵᠡᠭᠡᠢ ᠣᠶᠢᠯᠠᠭᠠᠵᠠᠢ᠃ | ᠴᠢᠬᠢ ᠰᠠᠭᠤᠯᠭᠠᠬᠤ ᠪᠣᠯ ᠰᠢᠷᠭᠠᠬᠤ ᠬᠦᠳᠡᠯᠮᠦᠷᠢ ᠶᠤᠮ᠂ ᠵᠢᠭᠠᠰᠤ ᠪᠠᠷᠢᠬᠤ ᠨᠢ ᠬᠡᠦᠬᠡᠳ ᠤᠨ ᠲᠥᠷᠥᠯᠬᠢ | ᠴᠢᠨᠠᠷ ᠢ ᠢᠯᠡᠷᠡᠭᠦᠯᠪᠡ᠃ ᠬᠠᠵᠠᠭᠤ ᠳᠠᠬᠢ ᠤᠰᠤᠨ ᠲᠤᠲᠤᠷᠭ᠎ᠠ ᠶᠢᠨ ᠲᠠᠷᠢᠶᠠᠨ ᠳᠤ᠂ ᠬᠦᠷᠢᠶ᠎ᠡ ᠪᠠᠯᠭᠠᠰᠤᠨ ᠤ ᠵᠠᠯᠠᠭᠤ | ᠠᠵᠢᠯᠲᠠᠨ ᠠᠵᠢᠯᠴᠢᠨ ᠪᠣᠯᠤᠨ ᠭᠤᠷᠪᠡᠨᠭᠡᠷ ᠰᠤᠷᠭᠠᠭᠤᠯᠢ ᠶᠢᠨ ᠰᠤᠷᠤᠭᠴᠢᠳ ᠬᠦᠴᠦ ᠪᠠᠨ ᠬᠠᠮᠲᠤᠳᠬᠠᠨ | ᠬᠠᠮᠵᠢᠯᠴᠠᠵᠤ᠂ ᠪᠤᠯᠠᠩᠭᠢᠷ ᠤᠰᠤᠨ ᠠᠴᠠ ᠵᠢᠭᠠᠰᠤ ᠪᠠᠷᠢᠬᠤ ᠤᠷᠤᠯᠳᠤᠭᠠᠨ ᠢ ᠥᠷᠨᠢᠭᠦᠯᠪᠡ᠃ ᠲᠤᠲᠤᠷᠭᠠᠨ | ᠲᠠᠷᠢᠶᠠᠨ ᠤ ᠵᠢᠭᠠᠰᠤ᠂ ᠭᠤᠯᠭᠤᠭᠤᠷ ᠮᠣᠭᠠᠢ ᠵᠢᠷᠠᠰᠤ ᠤᠰᠤᠨ ᠳᠣᠲᠣᠷᠭ᠎ᠠ ᠶᠢᠨ ᠲᠠᠷᠢᠶᠠᠨ ᠳᠤᠮᠳᠠ ᠨᠢᠭᠤᠭᠳᠠᠵᠤ᠂ | ᠪᠦᠬᠦᠳᠡᠭᠡᠷ ᠬᠠᠮᠤᠭ ᠤᠬᠠᠭᠠᠨ ᠢᠶᠠᠨ ᠭᠠᠷᠭᠠᠵᠤ ᠠᠷᠭ᠎ᠠ ᠰᠠᠮᠪᠠᠭ᠎ᠠ ᠰᠢᠪᠬᠠᠨ ᠵᠢᠭᠠᠰᠤ ᠲᠠᠢ ᠮᠦᠷᠦᠶᠢᠴᠡᠵᠦ᠂ ᠤᠳᠠᠯ | ᠦᠭᠡᠢ ᠣᠯᠤᠯᠲᠠ ᠲᠥᠭᠦᠷᠡᠩ ᠪᠠᠶᠠᠰᠤᠯᠴᠠᠵᠤ ᠪᠠᠶᠢᠪᠠ᠃ | | | |