5 ᠰᠠᠷ᠎ᠠ ᠶᠢᠨ 30 ᠤ ᠡᠳᠦᠷ᠂ ᠬᠦᠷᠢᠶ᠎ᠡ ᠬᠤᠰᠢᠭᠤᠨ ᠤ ᠤᠯᠠᠭᠠᠨᠮᠦ᠋ᠴᠢᠷ ᠤᠨ ︽ᠰᠤᠩᠭᠤᠳᠠᠭ ᠠᠶᠠᠯᠭᠤ︾ ᠭᠡᠬᠦ | ᠲᠤᠰᠬᠠᠢ ᠲᠠᠭᠤᠤ ᠬᠦᠭᠵᠢᠮ ᠤᠨ ᠦᠳᠡᠰᠢᠯᠡᠭᠡ ᠬᠤᠰᠢᠭᠤᠨ ᠤ ᠰᠤᠷᠳᠠᠯ ᠤᠬᠠᠭᠤᠯᠭ᠎ᠠ ᠰᠤᠶᠤᠯ ᠤᠨ ᠤᠯᠠᠨ | ᠴᠢᠳᠠᠪᠬᠢᠳᠤ ᠲᠢᠩᠬᠢᠮ ᠳᠤ ᠶᠠᠪᠤᠭᠳᠠᠪᠠ᠃ ︽ᠦᠪᠤᠷ ᠮᠤᠩᠭᠤᠯ ᠰᠠᠶᠢᠬᠠᠨ ᠤᠷᠤᠨ︾ ᠭᠡᠬᠦ ᠲᠠᠭᠤᠤ ᠪᠠᠷ | ᠦᠳᠡᠰᠢᠯᠡᠭᠡ ᠶᠢᠨ ᠬᠦᠰᠢᠭᠡ ᠶᠢ ᠢᠷᠠᠵᠤ᠂ ᠲᠠᠷᠠᠭ᠎ᠠ ᠳᠤᠨᠢ ᠬᠦᠷᠢᠶ᠎ᠡ ᠬᠤᠰᠢᠭᠤᠨ ᠤ ᠤᠯᠠᠭᠠᠨᠮᠦ᠋ᠴᠢᠷ ᠤᠨ ᠲᠠᠭᠤᠴᠢᠨ | ᠪᠤᠯᠤᠨ ᠮᠥᠩᠭᠦᠨ ᠲᠣᠬᠤᠢ ᠬᠦᠭᠵᠢᠮ ᠤᠨ ᠠᠩᠭᠢ ᠠᠴᠠ ᠬᠠᠮᠳᠤ ᠪᠠᠷ ︽ᠬᠦᠬᠡ ᠤᠬᠳᠠᠷᠭᠤᠢ ᠶᠢᠨ ᠰᠢᠯᠦᠭ︾᠂ ︽ | ᠲᠠᠯ᠎ᠠ ᠨᠤᠳᠤᠬ ᠤᠨ ᠰᠠᠶᠢᠨ ᠰᠠᠶᠢᠬᠠᠨ ᠤ ᠲᠥᠯᠦᠭᠡ︾᠂ ︽ᠤᠲᠠᠰᠤᠲᠤ ᠬᠤᠪᠢᠰ ᠶᠤᠭᠠᠨ ᠴᠢᠪᠠᠭᠳᠠᠵᠤ ᠤᠶᠠᠩᠭᠠᠲᠤ | ᠳᠠᠭᠤᠤ ᠪᠠᠨ ᠳᠠᠭᠤᠯᠠᠶ᠎ᠠ︾᠂ ︽ᠮᠠᠯᠴᠢᠳ ᠲᠦᠮᠡᠨ ᠡᠪ ᠬᠠᠮᠳᠤ ᠨᠠᠮ ᠢᠶᠠᠨ ᠮᠠᠭᠲᠠᠨ ᠳᠠᠭᠤᠯᠠᠨ᠎ᠠ︾ ᠵᠡᠷᠭᠡ 10 | ᠰᠤᠩᠭᠤᠳᠠᠭ ᠲᠠᠭᠤᠤ ᠶᠢ ᠳᠠᠷᠠᠭ᠎ᠠ ᠲᠠᠷᠠᠭ᠎ᠠ ᠪᠠᠷ ᠲᠤᠭᠯᠠᠵᠤ ᠦᠵᠡᠬᠦᠯᠵᠠᠢ᠃ | ᠲᠣᠭᠯᠠᠭᠴᠢᠳ ᠴᠢᠩ ᠦᠨᠡᠨᠴᠢ ᠰᠡᠳᠬᠢᠯᠭᠡ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠪᠣᠯᠤᠨ ᠡᠬᠡ | ᠤᠯᠤᠰ ᠢᠶᠠᠨ ᠬᠠᠶᠢᠷᠠᠯᠠᠬᠤ ᠰᠡᠳᠬᠢᠯᠭᠡ᠂ ᠴᠠᠭ ᠦᠶ᠎ᠡ ᠶᠢᠨ ᠮᠠᠭᠲᠠᠭᠠᠯ ᠰᠠᠶᠢᠰᠢᠶᠠᠯ ᠢ ᠳᠠᠭᠤᠯᠠᠵᠤ᠂ ᠠᠬᠤᠢ | ᠲᠠᠯᠠᠪᠠᠢ ᠳᠤ ᠪᠠᠶᠢᠭᠰᠠᠨ ᠦᠵᠡᠭᠴᠢᠳ ᠨᠢᠭᠡᠪᠦᠷᠢ ᠳᠤ ᠰᠣᠩᠭᠤᠳᠠᠭ ᠳᠠᠭᠤᠤ ᠬᠥᠭᠵᠢᠮ᠂ ᠤᠯᠠᠮᠵᠢᠯᠠᠯᠲᠤ ᠰᠣᠶᠣᠯ ᠤᠨ | ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠦᠯᠪᠡ᠃ ᠲᠣᠰ ᠤᠳᠠᠭᠠᠨ ᠤ ᠲᠤᠰᠬᠠᠶ ᠳᠠᠭᠤᠤ ᠬᠥᠭᠵᠢᠮ ᠤᠨ | ᠦᠳᠡᠰᠢᠯᠡᠭᠡ ᠪᠣᠯ ᠤᠯᠠᠭᠠᠨᠮᠥ᠋ᠴᠢᠷ ᠤᠨ ᠳᠠᠭᠤᠴᠢᠳ ᠪᠠ ᠮᠥᠩᠭᠦᠨ ᠲᠣᠬᠤᠢ ᠬᠥᠭᠵᠢᠮ ᠤᠨ ᠠᠩᠭᠢ ᠶᠢᠨ | ᠪᠦᠷᠢᠯᠳᠦᠬᠦᠨ ᠨᠡᠷ ᠭᠤᠴᠣᠯᠠᠯ ᠳᠠᠭᠤᠤ᠂ ᠬᠥᠭᠵᠢᠮᠳᠡᠭᠦᠷ ᠤᠨ ᠲᠣᠭᠯᠠᠯᠲᠠ᠂ ᠨᠠᠶᠢᠷᠠᠯ ᠳᠠᠭᠤᠤ ᠵᠡᠷᠭᠡ ᠬᠡᠯᠪᠡᠷᠢ ᠪᠠᠷ | ᠳᠠᠮᠵᠢᠭᠤᠯᠤᠨ᠂ ᠭᠠᠷ ᠬᠤᠯᠪᠣᠨ ᠳᠡᠯᠭᠡᠨ ᠢᠯᠡᠷᠡᠭᠦᠯᠦᠭᠰᠡᠨ ᠨᠢᠭᠡ ᠤᠳᠠᠭᠠᠨ ᠤ ᠳᠠᠭᠤᠤ ᠬᠥᠭᠵᠢᠮ ᠤᠨ ᠦᠪᠡᠳᠡᠭᠰᠢ | ᠨᠠᠶᠢᠷ ᠪᠥᠭᠡᠳ ᠳᠠᠭᠤᠤ ᠨᠢᠭᠡᠪᠦᠷᠢ ᠨᠢ ᠴᠥᠮ ᠮᠥᠩᠭᠦᠨ ᠲᠣᠬᠤᠢ ᠬᠥᠭᠵᠢᠮ ᠤᠨ ᠠᠩᠭᠢ ᠠᠴᠠ ᠲᠤᠬᠠᠶ ᠶᠢᠨ | ᠲᠠᠯᠠᠪᠠᠶ ᠳᠤ ᠬᠥᠭᠵᠢᠮᠳᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠮᠥᠩᠭᠦᠨ ᠲᠣᠬᠤᠢ ᠬᠥᠭᠵᠢᠮ ᠤᠨ ᠠᠩᠭᠢ | 2022 ᠣᠨ ᠳᠤ ᠪᠠᠶᠢᠭᠤᠯᠤᠭᠳᠠᠵᠤ᠂ ᠦᠭᠦᠯᠡᠬᠦ᠂ ᠪᠢᠴᠢᠬᠦ᠂ ᠳᠠᠭᠤᠯᠠᠬᠤ᠂ ᠪᠥᠵᠢᠭᠯᠡᠬᠦ ᠵᠡᠷᠭᠡ ᠶᠡᠷᠦᠩᠬᠡᠶᠢᠯᠡᠭᠰᠡᠨ | ᠤᠷ᠎ᠠ ᠮᠡᠷᠭᠡᠵᠢᠯ ᠢ ᠪᠦᠷᠢᠯᠳᠦᠭᠦᠯᠦᠭᠰᠡᠨ 9 ᠨᠡᠷᠡᠰ ᠤᠯᠠᠭᠠᠨᠮᠥ᠋ᠴᠢᠷ ᠤᠨ ᠲᠣᠭᠯᠠᠭᠴᠢ ᠪᠠᠷ ᠪᠦᠷᠢᠯᠳᠦᠵᠡᠶ᠃ | ᠬᠠᠮᠲᠤᠯᠢᠭ ᠪᠠᠶᠢᠭᠤᠯᠤᠭᠳᠠᠭᠰᠠᠨ ᠠᠴᠠ ᠨᠠᠰᠢ᠂ ᠢᠮᠠᠭᠲᠠ ᠤᠯᠠᠮᠵᠢᠯᠠᠯᠲᠤ ᠳᠠᠭᠤᠤ ᠬᠥᠭᠵᠢᠮ ᠤᠨ ᠰᠣᠶᠣᠯ ᠤᠨ | ᠬᠥᠷᠥᠰᠥ ᠰᠢᠷᠣᠶ ᠳᠤ ᠭᠦᠨ ᠦᠨᠳᠦᠰᠦᠯᠡᠵᠦ᠂ ︽ᠤᠲᠠᠰᠤᠲᠤ ᠬᠤᠪᠢᠰ ᠶᠤᠭᠠᠨ ᠴᠢᠪᠠᠭᠳᠠᠵᠤ ᠤᠶᠠᠩᠭᠠᠲᠤ | ᠳᠠᠭᠤᠤ ᠪᠠᠨ ᠳᠠᠭᠤᠯᠠᠶ᠎ᠠ︾᠂ ︽ᠴᠠᠭ ᠦᠶ᠎ᠡ ᠶᠢᠨ ᠰᠢᠨ᠎ᠡ ᠠᠶᠠᠯᠭᠤ︾ ᠵᠡᠷᠭᠡ ᠭᠤᠶᠢᠳᠠ ᠰᠠᠶᠢᠬᠠᠨ ᠳᠠᠭᠤᠤ | ᠬᠥᠭᠵᠢᠮ ᠤᠨ ᠭᠠᠷᠴᠠᠭ ᠢ 12 ᠵᠣᠬᠢᠶᠠᠨ ᠪᠦᠲᠦᠭᠡᠭᠰᠡᠨ ᠪᠥᠭᠡᠳ ᠲᠤᠰᠬᠠᠶ ᠲᠠᠯᠠᠪᠠᠢ ᠳᠠᠭᠤᠤ ᠬᠥᠭᠵᠢᠮ ᠤᠨ | ᠦᠳᠡᠰᠢᠯᠡᠭᠡ ᠡᠷᠬᠢᠯᠡᠵᠦ ᠦᠵᠡᠭᠴᠢᠳ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃ | ᠤᠯᠠᠨ ᠵᠢᠯ ᠤᠨ ᠲᠤᠷᠰᠢ᠂ ᠬᠦᠷᠢᠶ᠎ᠡ ᠬᠤᠰᠢᠭᠤᠨ ᠤ ᠤᠯᠠᠭᠠᠨᠮᠥ᠋ᠴᠢᠷ ᠨᠢ ᠶᠡᠷᠦᠩᠬᠡᠢ ᠱᠦᠵᠢ ᠰᠢ ᠶᠢᠨ ᠫᠢᠩ ᠤᠨ | ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠨᠢ | ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠲᠤᠭᠠᠢ | ᠭᠡᠰᠡᠨ ᠴᠢᠩ ᠰᠡᠳᠬᠢᠯ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠦᠢᠯᠡᠴᠢᠯᠡᠭᠡᠨ ᠤ ᠬᠡᠯᠪᠡᠷᠢ ᠶᠢᠨ | ᠰᠢᠨ᠎ᠡ ᠶᠢ ᠡᠭᠦᠳᠴᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤᠷᠠᠯ ᠤᠨ ᠦᠩ | ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠢᠯᠡᠴᠢᠯᠡᠨ᠂ ᠤᠳᠬ᠎ᠠ ᠤᠷᠠᠯᠢᠭ ᠤᠨ | ᠰᠢᠨ᠎ᠡ ᠶᠢ ᠡᠭᠦᠳᠬᠦ ᠶᠢ ᠠᠬᠢᠭᠤᠯᠵᠤ᠂ ᠣᠷᠤᠨ ᠨᠤᠲᠤᠭ ᠤᠨ ᠤᠯᠠᠨ ᠲᠦᠮᠡᠨ ᠤ ᠲᠠᠭᠠᠰᠢᠶᠠᠯ ᠢ ᠣᠯᠤᠭᠰᠠᠨ᠂ | ᠤᠯᠠᠮᠵᠢᠯᠠᠭᠳᠠᠵᠤ ᠳᠡᠶᠢᠯᠬᠦ᠂ ᠦᠯᠡᠳᠡᠭᠡᠵᠦ ᠳᠡᠶᠢᠯᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ | ᠥᠷᠭᠡᠨ ᠤᠯᠠᠨ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠵᠤ | ᠢᠷᠡᠭᠰᠡᠨ ᠪᠠᠶᠢᠨ᠎ᠠ᠃ | | | |